ᠳᠤᠮᠳᠠᠳᠤ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠮᠠᠨ ᠤ ᠰᠢᠶᠠᠨ ᠳᠤ  ᠭᠦᠨᠵᠡᠭᠡᠶᠢᠷᠡᠨ ᠣᠷᠭᠠᠨᠢᠭ ᠬᠠᠭᠤᠷᠠᠶ ᠲᠠᠷᠢᠶᠠᠯᠠᠩ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-07-27
  7 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠠᠮᠤ ᠪᠤᠳᠠᠭᠠᠨ ᠤ ᠠᠷᠠᠯᠵᠢᠶᠠᠨ ᠤ ᠥᠪᠥᠷ ᠮᠣᠩᠭᠤᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠶᠡᠷᠦᠩᠬᠡᠶ ᠳᠠᠭᠠᠭᠠᠮᠠᠯ ᠵᠢᠶᠠᠩ  ᠳ᠋ᠧ ᠯᠢᠶᠠᠩ ᠨᠠᠷ ᠮᠠᠨ ᠤ ᠰᠢᠶᠠᠨ ᠳᠤ ᠭᠦᠨᠵᠡᠭᠡᠶᠢᠷᠡᠨ᠂ ᠣᠷᠭᠠᠨᠢᠭ ᠬᠠᠭᠤᠷᠠᠶ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ  ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ᠂ ᠵᠠᠩ ᠯᠢ  ᠸᠧᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠵᠢᠶᠠᠩ ᠳ᠋ᠧ ᠯᠢᠶᠠᠩ ᠨᠠᠷ ᠤᠷᠢᠳ ᠬᠤᠵᠢᠳ ᠬᠤᠩ ᠮᠤᠤ ᠪᠠᠯᠭᠠᠰᠤᠨ ᠤ ᠰᠢ ᠰᠢᠶᠠᠩ ᠲᠣᠰᠬᠤᠨ ᠤ ᡁᠢ ᠵᠦᠩ ᠲᠠᠷᠢᠵᠤ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠰᠢᠰᠢ ᠲᠠᠷᠢᠬᠤ ᠰᠠᠭᠤᠷᠢᠨ ᠭᠠᠵᠠᠷ᠂ ᠠᠨ ᠽᠢ ᠱᠠᠨ ᠲᠣᠰᠬᠤᠨ ᠤ  ᠯᠢᠶᠠᠩᠴᠧᠩ ᠰᠢᠶᠠᠨ ᠤ ᠶᠦᠨ ᠵᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ  ᠤᠷᠭᠠᠨᠢᠭ ᠬᠠᠭᠤᠷᠠᠶ ᠲᠠᠷᠢᠮᠠᠯ ᠤᠨ ᠰᠠᠭᠤᠷᠢᠨ ᠭᠠᠵᠠᠷ ᠪᠠ  ᠲᠠᠭ᠎ᠠ ᠶᠢᠨ ᠨᠠᠭᠤᠷ ᠪᠠᠯᠭᠠᠰᠤᠨ ᠤ ᠴᠢᠤᠸᠠᠨ ᠪᠦᠸᠧ ᠽᠢ ᠲᠣᠰᠬᠤᠨ ᠤ ᠲᠠᠷᠢᠮᠠᠯ ᠤᠨ ᠲᠤᠰᠬᠠᠶ ᠬᠤᠷᠰᠢᠶ᠎ᠠ ᠶᠢᠨ ᠰᠢᠰᠢ ᠲᠠᠷᠢᠬᠤ ᠰᠠᠭᠤᠷᠢᠨ ᠭᠠᠵᠠᠷ᠂ ᠶᠤᠸᠠᠨ ᠱᠠᠨ ᠽᠢ ᠲᠣᠰᠬᠤᠨ ᠤ ᠥᠪᠥᠷ ᠮᠣᠩᠭᠤᠯ ᠤᠨ ᠢ ᠵᠢᠶ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ  ᠠᠷᠪᠠᠢ ᠪᠤᠭᠤᠳᠠᠢ ᠲᠠᠷᠢᠮᠠᠯ ᠤᠨ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠣᠷᠭᠠᠨᠢᠭ ᠬᠠᠭᠤᠷᠠᠶ ᠲᠠᠷᠢᠮᠠᠯ ᠤᠨ  ᠤᠷᠭᠤᠯᠲᠠ ᠶᠢᠨ ᠪᠠᠶᠢᠳᠠᠯ ᠢ ᠪᠣᠳᠠᠲᠠᠶ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠠ ᠵᠢᠴᠢ ᠬᠠᠮᠢᠶ᠎ᠠ ᠪᠥᠬᠦᠶ ᠺᠣᠮᠫᠠᠨᠢ ᠶᠢᠨ ᠬᠠᠷᠢᠭᠤᠴᠠᠯᠭᠠᠲᠠᠨ ᠤ ᠣᠷᠭᠠᠨᠢᠭ ᠬᠠᠭᠤᠷᠠᠶ ᠲᠠᠷᠢᠮᠠᠯ ᠤᠨ  ᠲᠠᠯᠠᠪᠠᠶ ᠂ ᠭᠠᠷᠤᠯᠲᠠ᠂ ᠡᠳ᠋ᠰᠢᠭᠦᠯᠦᠯᠲᠡ ᠪᠠ ᠪᠣᠷᠣᠯᠠᠭᠤᠯᠭ᠎ᠠ ᠶᠢᠨ ᠪᠠᠶᠢᠳᠠᠯ ᠤᠨ ᠲᠤᠬᠠᠶ ᠲᠠᠨᠢᠯᠴᠠᠭᠤᠯᠭ᠎ᠠ ᠶᠢ ᠰᠣᠨᠣᠰᠪᠠ᠃     ᠵᠢᠶᠠᠩ ᠳ᠋ᠧ ᠯᠢᠶᠠᠩ ᠨᠠᠷ ᠮᠠᠨ ᠤ ᠰᠢᠶᠠᠨ ᠤ ᠣᠷᠭᠠᠨᠢᠭ ᠬᠠᠭᠤᠷᠠᠶ ᠲᠠᠷᠢᠶᠠᠯᠠᠩ ᠤᠨ ᠠᠵᠢᠯ ᠢ ᠭᠦᠢᠴᠡᠳ ᠨᠤᠲᠠᠯᠠᠵᠤ᠂ ᠲᠡᠷᠡᠴᠢᠯᠡᠨ ᠮᠠᠨ ᠤ ᠰᠢᠶᠠᠨ ᠤ ᠲᠠᠷᠢᠶᠠᠯᠠᠩ ᠤᠨ ᠬᠥᠭᠵᠢᠯᠲᠡ ᠶᠢᠨ ᠣᠳᠣᠬᠢ ᠪᠠᠶᠢᠳᠠᠯ ᠳᠤ ᠴᠢᠭᠯᠡᠭᠦᠯᠦᠨ ᠂ ᠬᠠᠷᠠᠯᠳᠡ  ᠴᠢᠭᠯᠡᠯ᠂ ᠬᠥᠭᠵᠢᠯᠲᠡ ᠶᠢᠨ ᠣᠶᠢᠯᠠᠭᠠᠭᠳᠠᠬᠤᠨ᠂ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃ ᠬᠢᠨᠠᠨ ᠪᠠᠶᠢᠴᠠᠭᠠᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠣᠨᠴᠠᠯᠢᠭ ᠪᠣᠯᠤᠨ ᠠᠵᠤ ᠤᠶᠢᠯᠡᠰ  ᠤᠨ ᠰᠠᠭᠤᠷᠢ ᠳᠤ ᠰᠠᠭᠤᠷᠢᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠥᠷᠢᠶᠡᠲᠦ ᠬᠥᠭᠵᠢᠯᠲᠡ ᠶᠢ ᠬᠡᠷᠡᠭᠵᠢᠭᠦᠯᠵᠦ᠂ ᠲᠣᠰ ᠲᠣᠰ ᠤᠨ ᠣᠨᠴᠠᠯᠢᠭ ᠲᠠᠢ ᠪᠣᠬᠢᠷᠲᠤᠯ ᠥᠬᠡᠶ ᠣᠷᠭᠠᠨᠢᠭ ᠬᠠᠭᠤᠷᠠᠶ ᠲᠠᠷᠢᠮᠠᠯ ᠤᠨ ᠮᠡᠷᠭᠡᠵᠢᠯ ᠤᠨ ᠵᠠᠭᠪᠤᠷ ᠪᠠ ᠠᠵᠤ  ᠤᠶᠢᠯᠡᠰ ᠤᠨ ᠳᠠᠪᠠᠭᠤᠯᠢᠭ ᠢ ᠪᠣᠶ ᠪᠣᠯᠭᠠᠬᠤ ᠶᠢ ᠠᠬᠢᠭᠤᠯᠤᠨ᠎ᠠ᠃ ᠰᠢᠨ᠎ᠡ ᠬᠥᠭᠵᠢᠯᠲᠡ ᠶᠢᠨ ᠦᠵᠡᠯᠲᠡ ᠶᠢ ᠭᠦᠨᠵᠡᠭᠡᠶ ᠲᠤᠤᠱᠯᠠᠭᠤᠯᠵᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠭᠡ ᠠᠵᠤ ᠠᠬᠤᠶ ᠶᠢᠨ ᠠᠵᠤ  ᠤᠶᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠥᠲᠥᠯᠥᠨ  ᠵᠢᠯᠤᠭᠤᠳᠤᠨ᠎ᠠ᠃ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ  ᠴᠢᠨᠠᠷ ᠪᠣᠯᠤᠨ ᠭᠠᠷᠤᠯᠲᠠ ᠶᠢᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠷᠭᠠᠨᠢᠭ ᠬᠠᠭᠤᠷᠠᠶ ᠲᠠᠷᠢᠶᠠᠯᠠᠩ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠠᠨ  ᠴᠢᠩᠭᠠᠳᠬᠠᠪᠠᠯ ᠵᠣᠬᠢᠨ᠎ᠠ᠃  ᠲᠤᠯᠤᠭᠠᠶᠢᠯᠠᠭᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠵᠦ ᠳᠠᠶᠢᠴᠢᠯᠠᠬᠤ  ᠤᠶᠢᠯᠡᠳᠤᠯ ᠢ  ᠴᠢᠩᠭᠠᠳᠬᠠᠵᠤ᠂  ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠬᠦ ᠶᠢ ᠲᠡᠳᠬᠦᠬᠦ ᠲᠥᠷᠥ ᠶᠢᠨ ᠪᠣᠳᠣᠯᠭ᠎ᠠ  ᠶᠢ ᠢᠳᠡᠪᠬᠢᠲᠡᠶ ᠪᠠᠷ ᠨᠡᠶᠢᠲᠡᠯᠡᠵᠦ᠂ ᠣᠷᠭᠠᠨᠢᠭ ᠬᠠᠭᠤᠷᠠᠶ ᠲᠠᠷᠢᠶᠠᠯᠠᠩ ᠢ ᠬᠥᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂  ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ  ᠲᠠᠶᠢᠴᠢᠯᠠᠨ᠎ᠠ᠃                                    ᠰᠤᠷᠪᠤᠯᠵᠢᠯᠠᠭᠴᠢ ᠱᠠᠩ ᠶᠦᠨ ᠰᠢᠶᠠ                                  ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                  ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2