ᠰᠢᠨ ᠬᠤᠩ᠄ ᠠᠷᠠᠳ ᠲᠦᠮᠡᠨ ᠳᠤ ᠲᠥᠪ ᠭᠤᠤᠯᠴᠢ  ᠪᠠᠷ ᠤᠶᠢᠯᠡᠴᠢᠯᠡᠨ᠎ᠡ
ᠨᠡᠶᠢᠲᠡᠯᠡᠭᠰᠡᠨ ᠴᠠᠭ᠄
2020-07-27
    ᠡᠶᠢᠮᠦ ᠨᠢᠭᠡᠨ ᠡᠮᠡᠭᠲᠡᠶ ᠰᠢᠭᠦᠭᠴᠢ  ᠪᠠᠶᠢᠨ᠎ᠠ᠂ ᠲᠡᠷᠡ 25 ᠵᠢᠯ ᠢ ᠨᠢᠭᠡ ᠡᠳᠦᠷ  ᠰᠢᠭ᠋ ᠢᠶᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠥᠪᠡᠷ ᠤᠨ  ᠬᠠᠷᠠᠮ ᠦᠭᠡᠢ ᠵᠢᠳᠭᠦᠯ  ᠢᠶᠠᠷ ᠢᠶᠠᠨ ᠵᠠᠯᠠᠭᠤ ᠨᠠᠰᠤ ᠪᠠᠨ ᠤᠯᠤᠰ ᠣᠷᠣᠨ ᠪᠠ ᠠᠷᠠᠳ ᠲᠦᠮᠡᠨ ᠳᠤ ᠡᠷᠭᠦᠨ ᠵᠣᠷᠢᠭᠤᠯᠵᠤ᠂ ᠰᠢᠶᠠᠨ᠂ ᠬᠤᠲᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ᠂ ᠭᠤᠷᠪᠠᠨ ᠰᠠᠷ᠎ᠠ ᠶᠢᠨ ᠨᠠᠢᠮᠠᠨ ᠤ ᠤᠯᠠᠭᠠᠨ ᠲᠤᠭᠴᠢ᠂ ᠡᠮᠡᠭᠲᠡᠢ ᠪᠠᠭᠠᠲᠤᠷ᠂ ᠰᠢᠯᠢᠳᠡᠭ ᠡᠮᠡᠭᠲᠡᠢ ᠺᠠᠳ᠋ᠷ᠂ ᠵᠠᠷᠭᠤ ᠳᠤ ᠬᠤᠯᠪᠣᠭᠳᠠᠭᠰᠠᠨ ᠵᠠᠬᠢᠳᠠᠯ  ᠰᠤᠷᠪᠤᠯᠵᠢᠯᠠᠭ᠎ᠠ ᠶᠢᠨ ᠠᠵᠢᠯ ᠤᠨ ᠲᠡᠷᠢᠭᠦᠨ ᠤ ᠬᠤᠪᠢ ᠬᠥᠮᠦᠨ᠂ ᠪᠦᠬᠦ ᠣᠷᠣᠨ ᠤ ᠰᠢᠭᠦᠬᠦ ᠬᠤᠷᠢᠶᠠᠨ ᠤ ᠬᠡᠷᠡᠭ ᠰᠢᠢᠳᠪᠦᠷᠢᠯᠡᠬᠦ  ᠰᠢᠯᠢᠳᠡᠭ ᠵᠢᠱᠢᠶᠡᠴᠢ ᠵᠡᠷᠭᠡ ᠪᠠᠷ ᠣᠯᠠᠨᠲᠠ ᠦᠨᠡᠯᠡᠭᠳᠡᠪᠡ᠃ ᠪᠠᠰᠠ ᠬᠤᠪᠢ ᠬᠥᠮᠦᠨ ᠤ ᠬᠤᠶᠠᠳᠤᠭᠠᠷ ᠳᠡᠰ ᠤᠨ ᠭᠠᠪᠢᠶ᠎ᠠ᠂ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ᠂ ᠬᠠᠮᠲᠤ ᠶᠢᠨ ᠭᠤᠷᠪᠠᠳᠤᠭᠠᠷ ᠳᠡᠰ ᠤᠨ ᠭᠠᠪᠢᠶ᠎ᠠ ᠵᠡᠷᠭᠡ ᠢᠷᠠᠭᠤ ᠠᠯᠳᠠᠷ ᠤᠨ ᠴᠣᠯᠠ ᠭᠥᠷᠳᠡᠪᠡ᠃ ᠲᠡᠷᠡ ᠪᠣᠯ ᠳᠠᠷᠤᠢ ᠯᠢᠶᠠᠩᠴᠧᠩ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠬᠡᠷᠡᠭ  ᠳᠠᠩᠰᠠᠯᠠᠬᠤ  ᠲᠢᠩᠭᠢᠮ ᠤᠨ ᠳᠠᠷᠤᠭ᠎ᠠ ᠰᠢᠨ ᠬᠤᠩ ᠪᠣᠯᠤᠨ᠎ᠠ᠃
       ᠰᠢᠨ ᠬᠤᠩ ᠢ ᠠᠩᠬ᠎ᠠ ᠦᠵᠡᠭᠰᠡᠨ  ᠂  ᠲᠡᠷᠡ ᠰᠠᠭᠤᠭᠳᠠᠯ ᠳᠠᠬᠢ ᠰᠢᠭᠦᠭᠴᠢ ᠲᠠᠢ ᠠᠳᠠᠯᠢ ᠦᠭᠡᠢ᠂ ᠪᠡᠶ᠎ᠡ ᠪᠢᠯᠳᠠᠷ ᠨᠢ ᠡᠷᠬᠡ ᠲᠠᠩᠬᠢ᠂ ᠵᠢᠰᠦ ᠴᠢᠷᠠᠶ ᠨᠢ ᠨᠠᠮᠤᠭᠤᠬᠠᠨ ᠰᠠᠨᠠᠭᠳᠠᠨ᠎ᠠ᠃ ᠦᠭᠡ ᠶᠠᠷᠢᠶ᠎ᠠ ᠨᠢ ᠵᠥᠭᠡᠯᠡᠨ᠂ ᠬᠥᠮᠦᠨ ᠨᠢ ᠨᠠᠮ ᠳᠥᠯᠭᠡᠨ᠃ ᠭᠡᠲᠡᠯ᠎ᠡ ᠶᠠᠭ  ᠡᠶᠢᠮᠦ ᠨᠢᠭᠡᠨ ᠡᠮᠡᠭᠲᠡᠢ᠂ ᠲᠡᠷᠡ ᠴᠠᠭ ᠢᠮᠠᠭᠲᠠ ᠠᠷᠠᠳ ᠤᠨ ᠲᠥᠯᠥᠭᠡ ᠬᠠᠤᠯᠢ ᠪᠠᠷᠢᠬᠤ ᠵᠣᠷᠢᠯᠲᠠ ᠪᠠᠨ ᠪᠠᠲᠤ ᠴᠡᠭᠡᠵᠢᠯᠡᠵᠦ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠴᠡᠩᠭᠦᠶ ᠪᠠᠷ ᠬᠦᠯᠢᠶᠡᠨ ᠠᠪᠴᠤ᠂ ᠵᠠᠷᠭᠤ ᠬᠢᠬᠦ ᠠᠴᠠ  ᠡᠮᠦᠨ᠎ᠡ ᠡᠶᠡᠳᠡᠭᠦᠯᠭᠡ ᠳᠤ ᠬᠢᠨᠠᠮᠠᠭᠠᠶ ᠬᠠᠨᠳᠤᠵᠤ᠂ ᠳᠠᠭᠤ ᠴᠢᠮᠡᠭᠡ ᠦᠭᠡᠢ ᠦᠨᠡᠨᠴᠢ ᠰᠡᠳᠬᠢᠯ ᠢᠶᠠᠷ ᠠᠷᠠᠳ ᠣᠯᠠᠨ ᠤ ᠮᠠᠭᠲᠠᠭᠠᠯ ᠰᠠᠶᠢᠰᠢᠶᠠᠯ ᠢ ᠣᠯᠵᠠᠶ᠃
         1994ᠣᠨ ᠳᠤ᠂ ᠰᠢᠨ ᠬᠤᠩ ᠰᠢᠯᠢᠳᠡᠭ ᠬᠢᠷᠢ ᠪᠦᠲᠦᠮᠵᠢ ᠪᠠᠷ ᠯᠢᠶᠠᠩᠴᠧᠩ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠰᠢᠯᠭᠠᠨ ᠤᠷᠤᠵᠦ᠂ 1997 ᠣᠨ ᠠᠴᠠ ᠡᠬᠢᠯᠡᠨ ᠬᠡᠷᠡᠭ  ᠳᠠᠩᠰᠠᠯᠠᠬᠤ ᠵᠠᠬᠢᠳᠠᠯ ᠰᠤᠷᠪᠤᠯᠵᠢᠯᠠᠭ᠎ᠠ᠂ ᠡᠶᠡᠳᠡᠭᠦᠯᠬᠦ  ᠠᠵᠢᠯ ᠢ ᠬᠠᠷᠢᠭᠤᠴᠠᠪᠠ᠃ ᠲᠡᠷᠡ ᠡᠳᠦᠷ ᠪᠦᠷᠢ ᠵᠠᠬᠢᠳᠠᠯ ᠰᠤᠷᠪᠤᠯᠵᠢᠯᠠᠭ᠎ᠠ ᠬᠢᠭᠰᠡᠳ ᠲᠠᠢ ᠬᠠᠷᠢᠯᠴᠠᠵᠤ ᠂ ᠪᠠᠭᠤᠷᠠᠶᠢᠴᠤᠳ ᠢ ᠬᠠᠪᠰᠤᠷᠤᠨ  ᠪᠤᠳᠠᠳᠠᠢ ᠠᠰᠠᠭᠤᠳᠠᠯ ᠢ ᠨᠢ  ᠰᠢᠢᠳᠪᠤᠷᠢᠯᠡᠵᠦ  ᠂ ᠲᠡᠷᠡᠴᠢᠯᠡᠨ ᠨᠡᠶᠢᠭᠡᠮ ᠲᠣᠭᠤᠷᠢᠭ ᠲᠤ ᠤᠷᠢᠳᠠᠪᠠᠷ ︽ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ︾ ᠪᠠᠶᠢᠭᠤᠯᠵᠤ᠂ ᠦᠷᠭᠦᠯᠵᠢ ᠬᠠᠤᠯᠢ ᠴᠠᠭᠠᠵᠠ ᠶᠢᠨ ᠲᠠᠶᠢᠯᠤᠮᠵᠢ ᠬᠢᠵᠦ᠂ ᠲᠤᠬᠠᠶ ᠶᠢᠨ ᠲᠠᠯᠠᠪᠠᠢ ᠳᠤ ᠬᠠᠤᠯᠢ ᠴᠠᠭᠠᠵᠠ ᠶᠢᠨ ᠯᠠᠪᠯᠠᠯᠳᠡ ᠬᠠᠩᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠳᠡᠷᠭᠡᠳᠡᠬᠢ ᠬᠡᠷᠡᠭ ᠶᠠᠪᠤᠳᠠᠯ ᠲᠠᠢ ᠤᠶᠠᠯᠳᠤᠭᠤᠯᠤᠨ ᠣᠯᠠᠨ ᠲᠦᠮᠡᠨ ᠳᠤ ᠠᠮᠢᠳᠤᠷᠠᠯ ᠲᠠᠢ ᠨᠢᠭᠲᠠ ᠬᠤᠯᠪᠣᠭᠳᠠᠬᠤ ᠬᠠᠤᠯᠢ ᠴᠠᠭᠠᠵᠠ ᠶᠢᠨ ᠮᠡᠳᠡᠯᠭᠡ ᠶᠢ ᠲᠠᠶᠢᠯᠪᠤᠷᠢᠯᠠᠵᠤ ᠥᠭᠬᠦ ᠶᠢᠨ ᠬᠠᠮᠲᠤ ᠰᠤᠷᠭᠠᠨ ᠬᠥᠮᠦᠵᠢᠯ ᠤᠨ ᠠᠴᠢ ᠬᠤᠯᠪᠣᠭᠳᠠᠯ ᠲᠠᠢ ᠬᠡᠷᠡᠭ ᠢ  ᠰᠤᠩᠭᠤᠨ ᠢᠯᠡ ᠪᠠᠷ ᠰᠢᠭᠦᠨ᠎ᠡ᠃ ᠵᠤᠨ ᠤ ᠠᠮᠠᠷᠠᠯᠲᠠ ᠳᠤ ︽ᠰᠢᠭᠦᠭᠴᠢ ᠠᠨᠢᠶ᠎ᠠ ᠬᠠᠤᠯᠢ ᠴᠠᠭᠠᠵᠠ ᠶᠢ ᠡᠷᠬᠢᠮᠯᠡᠬᠦ︾ ᠠᠵᠢᠯᠯᠠᠭ᠎ᠠ ᠶᠢ   ᠦᠷᠨᠢᠭᠦᠯᠪᠡ᠃ ᠡᠳᠡᠭᠡᠷ ᠠᠵᠢᠯᠯᠠᠭ᠎ᠠ ᠶᠢ ᠥᠷᠨᠢᠭᠦᠯᠦᠭᠰᠡᠨ ᠢᠶᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠲᠤᠬᠠᠢ ᠤᠬᠠᠮᠰᠠᠷ ᠢ ᠨᠡᠮᠡᠭᠳᠡᠭᠦᠯᠵᠦ᠂ ᠥᠷᠭᠡᠨ ᠤᠯᠠᠨ ᠲᠦᠮᠡᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
         2008 ᠣᠨ ᠤ 3 ᠰᠠᠷ᠎ᠠ ᠳᠤ᠂ ᠰᠢᠨ ᠬᠤᠩ ᠬᠡᠷᠡᠭ ᠳᠠᠩᠰᠠᠯᠠᠬᠤ ᠲᠢᠩᠬᠢᠮ ᠤᠨ ᠳᠠᠷᠤᠭ᠎ᠠ ᠪᠠᠷ ᠲᠣᠮᠢᠯᠠᠭᠳᠠᠪᠠ ᠃ ᠲᠡᠷᠡ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠰᠠᠶᠢᠨ ᠮᠡᠳᠡᠵᠦ᠂ ᠡᠳᠦᠷ ᠪᠦᠷᠢ ᠬᠠᠮᠤᠭ ᠤᠷᠢᠳᠠᠪᠡᠷ ᠡᠭᠦᠳᠡ ᠪᠠᠨ ᠨᠡᠭᠡᠭᠡᠵᠦ ᠠᠵᠢᠯ ᠳᠠᠭᠠᠨ ᠭᠠᠷᠴᠤ᠂ ᠬᠠᠮᠤᠭ ᠰᠡᠭᠦᠯ ᠤᠨ ᠨᠢᠭᠡ ᠡᠭᠦᠳᠡ ᠪᠠᠨ ᠣᠨᠢᠰᠤᠯᠠᠵᠤ ᠠᠵᠢᠯ ᠠᠴᠠ ᠪᠠᠨ ᠪᠠᠭᠤᠨ᠎ᠠ᠃ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ 25 ᠵᠢᠯ ᠬᠢᠭᠰᠡᠨ ᠪᠣᠯᠪᠠᠴᠤ ᠲᠡᠷᠡ ᠮᠥᠨ ᠯᠡ ᠥᠴᠦᠬᠡᠨ ᠴᠦ ᠬᠠᠯᠠᠰᠢᠷᠠᠭᠰᠠᠨ ᠦᠭᠡᠢ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ ᠰᠠᠨᠠᠭᠠᠰᠢᠷᠠᠵᠤ ᠪᠠᠶᠢᠭ᠎ᠠ  ᠶᠠᠪᠤᠳᠠᠯ ᠢ ᠰᠢᠢᠳᠪᠦᠷᠢᠯᠡᠬᠦ ᠬᠡᠷᠡᠭᠲᠡᠢ᠃ ᠲᠤᠬᠠᠶ ᠶᠢᠨ ᠬᠥᠮᠦᠨ ᠰᠢᠤᠢ ᠣᠪᠣᠭᠲᠤ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢᠨ ᠵᠠᠭᠤᠷᠠᠯᠳᠤᠭᠠᠨ ᠨᠢ  ᠨᠦᠭᠦᠭᠡ ᠡᠲᠡᠭᠡᠳ ᠲᠠᠢ ᠪᠠᠨ ᠣᠯᠠᠨ ᠤᠳᠠᠭ᠎ᠠ ᠵᠥᠪᠳᠡᠯᠴᠡᠭᠡᠳ ᠦᠷ᠎ᠡ ᠳ᠋ᠦᠩ ᠦᠭᠡᠢ ᠪᠣᠯᠤᠭᠰᠠᠨ ᠲᠤᠯᠠ ᠶᠠᠭᠠᠬᠢᠬᠤ ᠶᠢᠨ ᠴᠤ ᠠᠷᠭ᠎ᠠ ᠦᠭᠡᠢ ᠪᠣᠯᠵᠤ᠂ ᠠᠷᠭ᠎ᠠ ᠪᠤᠰᠤ ᠬᠠᠤᠯᠢ ᠴᠠᠭᠠᠵᠠ ᠶᠢᠨ ᠬᠠᠪᠰᠤᠷᠤᠯᠭ᠎ᠠ ᠡᠷᠢᠬᠦ  ᠪᠤᠯᠵᠠᠢ᠃ ᠰᠢᠨ ᠬᠤᠩ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ᠂ ᠤᠴᠢᠷ ᠶᠠᠪᠤᠳᠠᠯ ᠤᠨ ᠥᠩᠭᠡᠷᠡᠯᠲᠡ ᠪᠠ ᠵᠠᠭᠤᠷᠠᠯᠳᠤᠭᠠᠨ ᠡᠭᠦᠰᠦᠭᠰᠡᠨ ᠰᠢᠯᠲᠠᠭᠠᠨ ᠢ ᠨᠠᠷᠢᠨ ᠣᠶᠢᠯᠠᠭᠠᠵᠤ᠂  ᠰᠢᠢᠳᠪᠤᠷᠢᠯᠡᠬᠦ ᠠᠷᠭ᠎ᠠ ᠵᠠᠮ ᠪᠠ ᠠᠷᠭ᠎ᠠ ᠶᠢ ᠨᠠᠷᠢᠨ ᠬᠢᠨᠠᠮᠠᠭᠠᠶ ᠡᠷᠢᠵᠦ᠂ ᠠᠵᠢᠯ ᠠᠴᠠ ᠪᠠᠭᠤᠬᠤ ᠴᠠᠭ ᠢ ᠠᠰᠢᠭᠯᠠᠵᠤ᠂ ᠠᠵᠢᠯᠲᠠᠨ ᠢᠶᠠᠨ ᠳᠠᠭᠠᠭᠤᠯᠤᠨ ᠤᠯᠠᠨ ᠤᠳᠠᠭ᠎ᠠ ᠡᠶᠡᠳᠡᠭᠦᠯᠵᠦ᠂ ᠡᠴᠦᠰ  ᠲᠡᠭᠡᠨ ᠠᠰᠠᠭᠤᠳᠠᠯ ᠢ ᠵᠣᠬᠢᠰᠲᠠᠢ ᠰᠢᠢᠳᠪᠦᠷᠢᠯᠡᠪᠡ᠃ ᠡᠶᠢᠮᠦ ᠠᠴᠠ ᠰᠢᠤᠢ ᠣᠪᠣᠭᠲᠤ ᠲᠤᠰᠬᠠᠶᠢᠯᠠᠨ ︽ᠰᠡᠳᠬᠢᠯ ᠢ ᠳᠤᠯᠠᠭᠠᠴᠠᠭᠤᠯᠤᠨ ᠵᠢᠭᠤᠷᠠᠯᠳᠤᠭᠠᠨ ᠢ ᠡᠶᠡᠳᠡᠭᠦᠯᠵᠦ᠂ ᠵᠠᠷᠭᠤ ᠶᠢᠨ ᠡᠬᠢ ᠰᠤᠷᠪᠤᠯᠵᠢ ᠶᠢ ᠵᠠᠰᠠᠵᠤ ᠡᠶ᠎ᠡ ᠵᠣᠬᠢᠴᠠᠯ ᠢ ᠠᠬᠢᠭᠤᠯᠬᠤ︾ ᠭᠡᠰᠡᠨ ᠦᠰᠦᠭ ᠲᠠᠢ ᠬᠡᠮᠡᠷᠯᠢᠭ  ᠲᠤᠭ ᠢ ᠬᠦᠷᠭᠡᠵᠦ  ᠂ ᠰᠢᠨ ᠬᠤᠩ ᠪᠣᠯᠤᠨ ᠬᠡᠷᠡᠭ  ᠳᠠᠩᠰᠠᠯᠠᠬᠤ ᠲᠢᠩᠬᠢᠮ ᠤᠨ ᠠᠵᠢᠯᠲᠠᠨ ᠳᠤ  ᠲᠠᠯᠠᠷᠬᠠᠯ ᠤᠨ ᠰᠡᠳᠭᠢᠯ ᠢᠶᠠᠨ ᠢᠯᠡᠳᠭᠡᠪᠡ᠃
         ᠰᠢᠨ ᠬᠤᠩ ᠤᠨ ᠬᠠᠮᠲᠤ ᠠᠵᠢᠯᠯᠠᠭᠴᠢ᠂ ᠬᠡᠷᠡᠭ  ᠳᠠᠩᠰᠠᠯᠠᠬᠤ ᠲᠢᠩᠬᠢᠮ ᠤᠨ ᠰᠢᠭᠦᠭᠴᠢ ᠳ᠋ᠦ᠋ ᡁᠢ ᠰᠢᠨ ᠲᠠᠨᠢᠯᠴᠠᠭᠤᠯᠬᠤ ᠳᠠᠭᠠᠨ᠂ ᠰᠢᠨ ᠬᠤᠩ ᠪᠣᠯ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠰᠢᠯᠢᠳᠡᠭ ᠰᠢᠭᠦᠭᠴᠢ ᠮᠥᠨ᠃ ᠬᠡᠷᠡᠭ ᠤᠨ ᠲᠤᠬᠠᠶ ᠶᠢᠨ ᠬᠥᠮᠦᠨ ᠳᠤ ᠬᠦᠯᠢᠴᠡᠩᠭᠦᠶ ᠨᠢᠮᠪᠠᠶ ᠬᠠᠨᠳᠤᠬᠤ ᠬᠡᠷᠡᠭᠲᠡᠶ᠃ ᠲᠤᠬᠠᠶ ᠶᠢᠨ ᠬᠥᠮᠦᠨ ᠨᠢ ᠬᠠᠤᠯᠢ ᠴᠠᠭᠠᠵᠠ ᠶᠢᠨ ᠮᠡᠳᠡᠯᠭᠡ ᠶᠢ ᠬᠡᠳᠦᠶ ᠮᠡᠳᠡᠬᠦ ᠦᠭᠡᠢ᠂ ᠤᠷᠮ᠎ᠠ ᠵᠣᠷᠢᠭ ᠨᠢ  ᠬᠡᠳᠦᠢ ᠶᠡᠭᠡ ᠪᠠᠴᠢᠮᠳᠠᠵᠤ ᠪᠠᠶᠢᠭᠰᠠᠨ ᠴᠤ᠂ ᠲᠡᠷᠡ ᠪᠦᠷ ᠠᠬᠢᠨ ᠳᠠᠬᠢᠨ ᠲᠠᠶᠢᠯᠪᠤᠷᠢᠯᠠᠳᠠᠭ᠃ ᠲᠤᠬᠠᠢ ᠶᠢᠨ ᠬᠥᠮᠦᠨ ᠮᠡᠳᠡᠬᠦ ᠪᠣᠯᠲᠠᠯ᠎ᠠ᠃ ᠠᠵᠢᠯ ᠤᠨ ᠳᠤᠮᠳᠠ᠂ ᠲᠡᠷᠡ ᠲᠤᠬᠠᠶ ᠶᠢᠨ ᠬᠥᠮᠦᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠪᠦᠲᠦᠮᠵᠢᠲᠡᠶ  ᠰᠢᠢᠳᠪᠤᠷᠢᠯᠡᠵᠦ᠂ ᠬᠠᠤᠯᠢ ᠴᠠᠭᠠᠵᠠ ᠶᠢᠨ ᠡᠷᠬᠡ ᠰᠦᠷ ᠪᠠ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠶᠢ ᠨᠡᠩ ᠴᠢᠬᠤᠯᠠᠴᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠠᠷᠠᠳ ᠤᠨ ᠬᠠᠤᠯᠢ ᠶᠢᠨ ᠲᠤᠰᠢᠶᠠᠯᠲᠠᠨ ᠤ ᠭᠡᠷᠡᠯ ᠰᠠᠴᠤᠷᠠᠩᠭᠤᠶ ᠲᠦᠷᠢ ᠲᠥᠷᠬᠦ ᠶᠢ ᠪᠤᠢ ᠪᠣᠯᠭᠠᠪᠠ᠃     ᠢᠷᠠᠭᠤ ᠠᠯᠳᠠᠷ ᠤᠨ ᠡᠮᠦᠨ᠎ᠡ᠂ ᠲᠡᠷᠡ ᠬᠥᠩᠭᠡᠮᠰᠦᠭ ᠢᠶᠠᠷ ᠬᠠᠨᠳᠤᠨ᠎ᠠ᠃ ᠲᠡᠷᠡ᠄ ︽ᠢᠷᠠᠭᠤ ᠠᠯᠳᠠᠷ ᠪᠣᠯ ᠥᠩᠭᠡᠷᠡᠭᠰᠡᠨ ᠤ ᠠᠵᠢᠯ ᠤᠨ ᠲᠤᠬᠠᠶ ᠨᠤᠲᠠᠯᠠᠯᠲᠠ ᠮᠥᠨ᠂ ᠪᠠᠰᠠ ᠴᠤ ᠢᠷᠡᠭᠡᠳᠦᠶ  ᠶᠢᠨ ᠠᠵᠢᠯ ᠤᠨ ᠲᠤᠬᠠᠶ ᠵᠣᠷᠢᠭᠵᠢᠭᠤᠯᠤᠯ ᠪᠠ ᠱᠠᠭᠠᠷᠳᠠᠯᠭ᠎ᠠ ᠮᠥᠨ᠃ ᠬᠤᠶᠢᠰᠢᠳᠠ ᠶᠢᠨ ᠠᠵᠢᠯ ᠤᠨ ᠳᠤᠮᠳᠠ᠂ ᠪᠢ ᠠᠵᠢᠯ ᠢᠶᠠᠨ ᠨᠠᠩ ᠨᠠᠷᠢᠨ ᠬᠢᠨᠠᠮᠠᠭᠠᠶ ᠨᠠᠩ ᠴᠢᠷᠮᠠᠶᠢᠨ ᠥᠷᠨᠢᠭᠦᠯᠵᠦ᠂ ᠠᠷᠠᠳ ᠣᠯᠠᠨ ᠳᠤ ᠬᠠᠤᠯᠢ ᠪᠠᠷᠢᠬᠤ ᠬᠡᠷᠡᠭ ᠪᠣᠯᠭᠠᠨ ᠠᠴᠠ ᠲᠥᠪ ᠭᠤᠤᠯᠴᠢ ᠪᠠ ᠰᠢᠳᠤᠷᠭᠤ ᠶᠣᠰᠣ ᠶᠢ ᠮᠡᠳᠡᠷᠡᠭᠦᠯᠦᠨ᠎ᠡ  ︾  ᠭᠡᠵᠦ ᠵᠤᠷᠢᠭ ᠢᠶᠠᠨ ᠢᠯᠡᠳᠭᠡᠪᠡ᠃                          ᠰᠤᠷᠪᠤᠯᠵᠢᠯᠠᠭᠴᠢ  ᠄ ᠰᠦᠩ ᡁᠢ ᠲᠢᠩ   ᠱᠠᠩ ᠶᠦᠨ ᠰᠢᠶᠠ                          ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                          ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2