ᠮᠠᠨ ᠤ ᠰᠢᠶᠠᠨ ︽8 · 1︾ ᠤ ᠴᠡᠷᠢᠭ ᠤᠨ ᠶᠠᠪᠤᠳᠠᠯ ᠤᠨ ᠡᠳᠦᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2020-07-29
    ᠤᠯᠤᠰ  ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠮᠡᠳᠡᠯᠭᠡ ᠶᠢᠨ ᠬᠥᠮᠦᠵᠢᠯ ᠢ ᠤᠯᠠᠮ ᠨᠢᠭᠡ ᠠᠯᠬᠤᠮ  ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷ ᠤᠨ ᠤᠯᠤᠰ  ᠤᠨ ᠪᠠᠲᠤᠯᠠᠨ ᠬᠠᠮᠠᠭᠠᠯᠠᠯᠲᠠ ᠶᠢᠨ ᠦᠵᠡᠯ ᠤᠬᠠᠮᠰᠠᠷ ᠢ  ᠲᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 28 ᠤ ᠡᠳᠦᠷ᠂ ᠮᠠᠨ ᠤ ᠰᠢᠶᠠᠨ ︽ ᠨᠠᠢᠮᠠᠨ ᠰᠠᠷ᠎ᠠ ᠶᠢᠨ ᠨᠢᠭᠡᠨ︾ ᠤ ᠴᠡᠷᠢᠭ ᠤᠨ ᠶᠠᠪᠤᠳᠠᠯ ᠤᠨ ᠡᠳᠦᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠤᠰᠬᠠᠶ ᠰᠡᠳᠦᠪᠲᠦ ᠲᠠᠶᠢᠯᠤᠮᠵᠢ ᠬᠢᠪᠠ᠃ ᠲᠠᠶᠢᠯᠤᠮᠵᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠤᠯᠤᠰ ᠲᠥᠷᠥ ᠶᠢᠨ  ᠲᠡᠭᠡᠳᠦ ᠰᠤᠷᠭᠠᠭᠤᠯᠢ ᠶᠢᠨ ᠶᠠᠩ ᠷᠦᠶ ᠷᠦ᠋ ᠫᠷᠤᠹᠧᠰᠰᠤᠷ ᠢ ᠣᠨᠴᠠ ᠤᠷᠢᠵᠤ ᠲᠤᠰᠬᠠᠶ ᠰᠡᠳᠦᠪ ᠢᠶᠠᠷ ᠬᠢᠴᠢᠶᠡᠯᠯᠡᠵᠡᠶ᠃ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ ᠼᠤᠤ ᡁᠢ ᠢᠦᠢ ᠲᠠᠶᠢᠯᠤᠮᠵᠢ ᠶᠢ ᠡᠷᠬᠢᠯᠡᠵᠤ᠂ ᠮᠠᠨ ᠤ ᠰᠢᠶᠠᠨ ᠤ ᠤᠳᠤᠷᠢᠳᠤᠯᠭ᠎ᠠ ᠮᠠ ᠶᠦᠩ ᠽᠠᠢ᠂ ᠰᠢᠩ ᠮᠢᠩ᠂ ᠯᠢ ᠹᠧᠩ ᠱᠤᠸᠠᠩ᠂ ᠵᠠᠩ ᠳ᠋ᠦᠩ ᠹᠠᠩ᠂ ᠳ᠋ᠦᠩ ᠶᠦᠩ ᠰᠢᠶᠠᠩ᠂ ᠱᠢ ᠼᠦᠢ ᠴᠢᠨ᠂ ᠵᠢᠶᠠ ᠰᠢᠶᠤᠤ ᠫᠢᠩ᠂ ᠵᠠᠩ ᠯᠢ ᠸᠧᠨ᠂ ᠯᠢ ᡁᠢ  ᠵᠧᠦ᠂ ᠵᠧᠩ ᠶᠠᠨ ᠹᠠᠩ᠂ ᠸᠠᠩ ᠬᠤᠩ ᠮᠢᠩ ᠪᠣᠯᠤᠨ ᠪᠦᠬᠦ ᠰᠢᠶᠠᠨ ᠤ ᠠᠵᠢᠯ ᠤᠨ ᠪᠠᠶᠢᠷᠢ ᠳᠡᠭᠡᠷᠡᠬᠢ ᠰᠠᠯᠠᠭᠠᠨ  ᠳᠡᠰ ᠤᠨ ᠤᠳᠤᠷᠢᠳᠬᠤ ᠺᠠᠳ᠋ᠷ ᠂ ᠵᠤᠷᠪᠤᠰ ᠲᠤ ᠬᠠᠷᠢᠶᠠᠯᠠᠭᠳᠠᠬᠤ ᠨᠢᠭᠡᠴᠢ ᠶᠢᠨ ᠪᠠᠭ ᠤᠨ ᠪᠦᠷᠢᠯᠳᠦᠬᠦᠨ ᠨᠡᠶᠢᠳᠡ 470 ᠭᠠᠷᠤᠢ ᠬᠥᠮᠦᠨ ᠲᠠᠶᠢᠯᠤᠮᠵᠢ ᠶᠢ ᠰᠣᠨᠣᠰᠴᠠᠢ᠃    
        ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤᠰ ᠤᠳᠠᠭᠠᠨ ᠤ ᠲᠠᠶᠢᠯᠤᠮᠵᠢ ᠶᠢᠨ ᠰᠤᠷᠤᠯᠴᠠᠯᠭ᠎ᠠ ᠪᠠᠷ ᠳᠠᠮᠵᠢᠨ᠂ ᠰᠤᠷᠭᠠᠨ ᠬᠥᠮᠦᠵᠢᠯ ᠤᠨ ᠰᠡᠩᠬᠡᠷᠡᠭᠦᠯᠦᠯ ᠢᠶᠠᠷ ᠣᠳᠣᠬᠠᠨ ᠤ ᠪᠦᠬᠦ ᠪᠥᠮᠪᠥᠷᠴᠡᠭ ᠤᠨ ᠪᠠᠶᠢᠳᠠᠯ ᠵᠢᠴᠢ ᠲᠤᠮᠳᠠᠳᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠤᠳᠤᠯᠢᠶᠠᠨᠲᠠᠶ ᠣᠯᠠᠨ ᠤᠯᠤᠰ ᠤᠨ ᠣᠷᠴᠢᠨ ᠲᠣᠭᠤᠷᠢᠨ ᠢ  ᠭᠦᠨᠵᠡᠭᠡᠢ ᠲᠠᠨᠢᠵᠠᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠪᠠᠲᠤᠳᠬᠠᠵᠤ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠪᠠ᠃ ᠬᠤᠶᠢᠰᠢᠳᠠ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠢᠶᠠᠨ ᠬᠦᠴᠦᠷᠬᠡᠭᠵᠢᠭᠦᠯᠬᠦ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃                      ᠰᠤᠷᠪᠤᠯᠵᠢᠯᠠᠭᠴᠢ  ᠄ ᠼᠤᠤ ᠵᠧᠨ    ᠱᠠᠩ ᠶᠦᠨ ᠰᠢᠶᠠ                      ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                      ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2