ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠳᠤᠷᠠᠰᠬᠠᠬᠤ ᠶᠢᠨ | ᠲᠥᠯᠥᠭᠡ᠂ 7 ᠰᠠᠷ᠎ᠠ ᠶᠢᠨ 3 ᠤ ᠡᠳᠦᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ | ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠢᠶᠠᠷ ᠭᠤᠣᠯ ᠰᠡᠳᠦᠪ | ᠪᠣᠯᠭᠠᠭᠰᠠᠨ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠰᠢᠶᠠᠨ ᠤ ᠵᠠᠰᠠᠭ ᠤᠨ ᠣᠷᠳᠣᠨ ᠤ ᠠᠯᠪᠠᠨ | ᠭᠡᠷ ᠤᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠳ ᠠᠵᠢᠯᠯᠠᠭ᠎ᠠ ᠳᠤ ᠣᠷᠣᠯᠴᠠᠪᠠ᠃ | | | | | ᠠᠵᠢᠯᠯᠠᠭ᠎ᠠ ᠳᠤᠮᠳᠠ᠂ ᠪᠦᠬᠦ ᠨᠠᠮ ᠤᠨ ᠭᠡᠰᠢᠭᠦᠳ ᠨᠠᠮ ᠤᠨ ᠲᠤᠭ ᠤᠨ ᠡᠮᠦᠨ᠎ᠡ ᠪᠠᠷᠠᠭᠤᠨ ᠨᠢᠳᠤᠷᠭ᠎ᠠ ᠪᠠᠨ | ᠥᠨᠳᠥᠷ ᠡᠷᠭᠦᠵᠦ᠂ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨᠲᠠ ᠡᠷᠭᠢᠴᠡᠭᠦᠯᠵᠦ᠂ ᠦᠵᠡᠯ ᠰᠠᠨᠠᠭ᠎ᠠ | ᠤᠯᠤᠰ ᠲᠦᠷᠦ ᠶᠢᠨ ᠬᠦᠮᠦᠵᠢᠯ ᠢ ᠬᠠᠮᠲᠤ ᠪᠠᠷ ᠬᠦᠯᠢᠶᠡᠪᠡ᠃ ᠬᠤᠷᠠᠯ ᠳᠤ ᠣᠷᠣᠯᠴᠠᠭᠰᠠᠳ ᠶᠡᠷᠦᠩᠬᠡᠢ ᠱᠦᠵᠢ | ᠰᠢ ᠶᠢᠨ ᠫᠢᠩ ᠤᠨ ︽ᠦᠨᠡᠨ︾ ᠰᠡᠳᠬᠦᠯ ᠤᠨ ᠨᠡᠷ᠎ᠡ ᠬᠠᠳᠠᠭᠰᠠᠨ ᠵᠣᠬᠢᠶᠠᠯ ︽ ᠮᠠᠷᠺᠰ ᠤᠨ ᠦᠵᠡᠯ ᠤᠨ | ᠦᠨᠳᠦᠰᠦᠨ ᠤᠨᠤᠯ ᠢ ᠰᠤᠷᠤᠯᠴᠠᠬᠤ ᠪᠣᠯ ᠡᠪ ᠬᠠᠮᠲᠤᠴᠤᠳ ᠤᠨ ᠵᠠᠪᠠᠯ ᠰᠤᠷᠬᠤ ᠬᠢᠴᠢᠶᠡᠯ ᠮᠥᠨ︾ ᠭᠡᠬᠦ | ᠵᠣᠬᠢᠶᠠᠯ ᠢ ᠬᠠᠮᠲᠤ ᠪᠠᠷ ᠰᠤᠷᠤᠯᠴᠠᠪᠠ᠃ ᠵᠠᠰᠠᠭ ᠤᠨ ᠣᠷᠳᠣᠨ ᠤ ᠠᠯᠪᠠᠨ ᠭᠡᠷ ᠤᠨ ᠭᠤᠣᠯ ᠬᠠᠷᠢᠭᠤᠴᠠᠯᠭᠠᠲᠠᠨ ︽ | ᠤᠯᠤᠰ ᠲᠥᠷᠥ ᠶᠢᠨ ᠲᠥᠷᠥᠭᠰᠡᠨ ᠡᠳᠦᠷ ᠤᠨ ᠪᠠᠶᠠᠷ ︾ ᠢ ᠰᠠᠶᠢᠲᠤᠷ ᠬᠢᠬᠦ ᠲᠤᠬᠠᠶ ᠶᠠᠷᠢᠵᠤ᠂ ︽ᠤᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠶ᠎ᠠ︾ ᠭᠡᠬᠦ ᠨᠠᠮ ᠤᠨ ᠬᠢᠴᠢᠶᠡᠯ ᠨᠢ ᠤᠯᠠᠨ ᠳᠤ ᠨᠢᠭᠡᠨ ᠭᠤᠤᠯ ᠰᠡᠳᠦᠪ | ᠢᠯᠡ ᠲᠣᠳᠣ᠂ ᠤᠳᠬ᠎ᠠ ᠰᠠᠨᠠᠭ᠎ᠠ ᠭᠦᠨ ᠭᠦᠨᠵᠡᠭᠡᠢ᠂ ᠠᠭᠤᠯᠭ᠎ᠠ ᠪᠠᠶᠠᠯᠢᠭ ᠨᠠᠮ ᠤᠨ ᠬᠢᠴᠢᠶᠡᠯ ᠣᠷᠣᠵᠤ ᠦᠭᠪᠡ᠃ | | ᠳᠠᠷᠠᠭ᠎ᠠ ᠨᠢ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠬᠤᠸᠠᠩ ᠸᠧᠨ ᠰᠢᠦ ᠨᠥᠬᠦᠷ ᠤᠨ ᠲᠡᠷᠢᠭᠦᠨ ᠤ | ᠦᠢᠯᠡ ᠠᠵᠢᠯᠯᠠᠭ᠎ᠠ ᠶᠢᠨ ᠬᠥᠮᠦᠵᠢᠯ ᠤᠨ ᠹᠢᠯᠢᠮ ᠢ ᠰᠣᠨᠢᠷᠬᠠᠪᠠ᠃ ᠬᠤᠷᠠᠯ ᠳᠤ ᠣᠷᠣᠯᠴᠠᠭᠰᠠᠨ ᠪᠦᠬᠦ ᠨᠠᠮ ᠤᠨ | ᠭᠡᠰᠢᠭᠦᠨ᠄ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠦᠷᠨᠢᠭᠦᠯᠬᠦ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠬᠤᠪᠢᠰᠬᠠᠯᠲᠤ ᠵᠣᠷᠢᠭ ᠰᠠᠨᠠᠭ᠎ᠠ ᠶᠢ ᠤᠯᠠᠮᠵᠢᠯᠠᠨ᠎ᠠ᠃ ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮᠴᠢ ᠴᠢᠨᠠᠷ ᠤᠨ | ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠳᠡᠭᠡᠷ᠎ᠡ ᠪᠠᠨ | ᠨᠠᠮ ᠤᠨ ᠲᠥᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠤᠯ ᠲᠠᠢ ᠪᠠᠶᠢᠬᠤ ᠶᠢ ᠴᠢᠷᠮᠠᠶᠢᠨ ᠪᠡᠶᠡᠯᠡᠭᠦᠯᠵᠦ᠂ | ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠲᠡᠦᠬᠡᠲᠦ ᠡᠭᠦᠷᠭᠡ ᠶᠢ ᠦᠢᠯᠡᠳᠦᠯᠭᠡᠵᠢᠭᠦᠯᠵᠦ᠂ ᠨᠢᠭᠡᠨ | ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠵᠤ᠂ ᠯᠢᠶᠠᠩᠴᠧᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠬᠤᠪᠢ ᠨᠡᠮᠡᠭᠦᠷᠢ ᠦᠵᠡᠭᠦᠯᠦᠨ᠎ᠡ᠃ | | ᠰᠤᠷᠪᠤᠯᠵᠢᠯᠠᠭᠴᠢ ᠄ ᠴᠧᠨ ᠢᠦᠶ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |