ᠯᠢᠶᠠᠩᠴᠧᠩ ᠰᠢᠶᠠᠨ ᠤ ᠬᠤᠩ ᠶᠤᠸᠠᠨ ᠳᠤᠮᠳᠠᠳᠤ ᠰᠤᠷᠭᠠᠭᠤᠯᠢ  ᠶᠢᠨ 2019 — 2020 ᠣᠨ ᠤ ᠳ᠋ᠦᠩᠨᠡᠯᠲᠡ  ᠬᠢᠬᠦ  ᠬᠥᠬᠢᠭᠦᠯᠦᠨ ᠰᠠᠶᠢᠰᠢᠶᠠᠬᠤ ᠶᠡᠭᠡ ᠬᠤᠷᠠᠯ  ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2020-07-07
    7 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠯᠢᠶᠠᠩᠴᠧᠩ ᠰᠢᠶᠠᠨ ᠤ ᠬᠤᠩ ᠶᠤᠸᠠᠨ ᠳᠤᠮᠳᠠᠳᠤ ᠰᠤᠷᠭᠠᠭᠤᠯᠢ  ᠶᠢᠨ 2019 — 2020 ᠣᠨ ᠤ ᠳ᠋ᠦᠩᠨᠡᠯᠲᠡ  ᠬᠢᠬᠦ  ᠬᠥᠬᠢᠭᠦᠯᠦᠨ ᠰᠠᠶᠢᠰᠢᠶᠠᠬᠤ ᠶᠡᠭᠡ ᠬᠤᠷᠠᠯ ᠵᠢᠭᠠᠨ ᠰᠤᠷᠭᠠᠯᠲᠠ ᠶᠢᠨ ᠠᠰᠠᠷ ᠤᠨ ᠡᠮᠦᠨ᠎ᠡ ᠦᠪᠡᠳᠡᠭᠰᠢ ᠶᠡᠭᠡ ᠪᠠᠷ ᠶᠠᠪᠤᠭᠳᠠᠪᠠ᠃
        ᠬᠥᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ᠂ ᠨᠡᠶᠢᠲᠡ ᠬᠠᠮᠲᠤ ᠶᠢᠨ ᠱᠠᠩᠨᠠᠯ ᠤᠨ ᠲᠠᠪᠤᠨ ᠲᠥᠷᠥᠯ 26᠂ ᠬᠤᠪᠢ ᠬᠥᠮᠦᠨ ᠤ ᠱᠠᠩᠨᠠᠯ ᠤᠨ ᠶᠢᠰᠦᠨ ᠲᠥᠷᠥᠯ 211 ᠶᠢ ᠣᠯᠭᠤᠵᠤ᠂ ᠲᠣᠪᠤᠶᠢᠮ᠎ᠠ ᠠᠮᠵᠢᠯᠲᠠ ᠣᠯᠤᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃ ᠱᠠᠩᠨᠠᠯ ᠤᠨ ᠪᠢᠴᠢᠭ ᠨᠢᠭᠡᠪᠦᠷᠢ ᠶᠢᠨ ᠠᠷᠤ ᠳᠤ ᠴᠥᠮ ᠢᠷᠠᠭᠤ ᠠᠯᠳᠠᠷ ᠢ ᠲᠥᠯᠥᠭᠡᠯᠡᠵᠦ  ᠪᠠᠶᠢᠳᠠᠭ᠃ ᠢᠷᠠᠭᠤ ᠠᠯᠳᠠᠷ ᠨᠢᠭᠡᠪᠦᠷᠢ ᠨᠢ ᠴᠥᠮ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠠᠴᠢᠶᠠᠯᠠᠵᠤ᠂ ᠢᠷᠠᠭᠤ ᠠᠯᠳᠠᠷ ᠨᠢᠭᠡᠪᠦᠷᠢ ᠨᠢ ᠴᠥᠮ ᠴᠢᠷᠮᠠᠶᠢᠨ ᠳᠠᠪᠰᠢᠬᠤ ᠶᠢ ᠨᠠᠶᠢᠳᠠᠵᠤ ᠪᠠᠶᠢᠳᠠᠭ᠃ ᠡᠨᠡ ᠪᠣᠯ ᠬᠤᠩ ᠶᠤᠸᠠᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠠᠯ᠎ᠠ ᠪᠠᠷ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠨᠢᠭᠡ ᠤᠳᠠᠭᠠᠨ ᠤ ᠦᠵᠡᠭᠦᠯᠦᠯᠭᠡ ᠪᠣᠯᠤᠨ᠎ᠠ᠃      ᠬᠤᠩ ᠶᠤᠸᠠᠨ ᠳᠤᠮᠳᠠᠳᠤ ᠰᠤᠷᠭᠠᠭᠤᠯᠢ ᠪᠣᠯ ᠣᠳᠣᠬᠠᠨ ᠤ ᠯᠢᠶᠠᠩᠴᠧᠩ ᠰᠢᠶᠠᠨ ᠤ ᠴᠤᠷ ᠤᠨ ᠭᠠᠭᠴᠠ ᠠᠷᠠᠳ ᠠᠴᠠ ᠡᠷᠬᠢᠯᠡᠭᠰᠡᠨ ᠪᠠᠶᠢᠷᠢᠯᠠᠬᠤ ᠲᠦᠷᠢᠮᠳᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠨ᠎ᠠ᠃ ᠮᠥᠨᠴᠦ ᠥᠪᠥᠷ ᠮᠣᠩᠭᠤᠯ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠡᠷᠡᠭ  ᠡᠷᠬᠢᠯᠡᠬᠦ ᠨᠢᠭᠡᠴᠡ ᠪᠣᠯᠤᠨ᠎ᠠ᠃ ᠬᠤᠩ ᠶᠤᠸᠠᠨ ᠳᠤᠮᠳᠠᠳᠤ ᠰᠤᠷᠭᠠᠭᠤᠯᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ᠂ ︽ᠤᠷᠢᠳᠠᠪᠠᠷ ᠬᠥᠮᠦᠨ ᠬᠥᠮᠦᠵᠢᠭᠦᠯᠵᠦ ᠳᠠᠷᠠᠭ᠎ᠠ ᠨᠢ ᠪᠢᠴᠢᠭ ᠵᠢᠭᠠᠬᠤ᠂ ᠤᠷᠢᠳᠠᠪᠠᠷ ᠶᠣᠰᠣ ᠮᠣᠷᠠᠯ ᠲᠠᠢ ᠪᠣᠯᠵᠤ ᠳᠠᠷᠠᠭ᠎ᠠ ᠨᠢ ᠮᠡᠳᠡᠯᠭᠡ ᠰᠤᠷᠬᠤ᠂ ᠤᠷᠢᠳᠠᠪᠠᠷ ᠪᠡᠶ᠎ᠡ ᠪᠠᠨ ᠵᠠᠰᠠᠵᠤ ᠳᠠᠷᠠᠭ᠎ᠠ ᠨᠢ ᠰᠤᠷᠤᠯᠴᠠᠬᠤ︾ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠱᠠᠨ ᠰᠢ ᠶᠢᠨ ᠬᠤᠸᠠᠢ ᠷᠧᠨ ᠤ ᠲᠡᠷᠢᠭᠦᠨ ᠤ ᠬᠠᠮᠢᠶᠠᠷᠤᠯᠲᠠ ᠶᠢᠨ ᠵᠠᠭᠪᠤᠷ  ᠢ ᠣᠷᠣᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠪᠦᠲᠦᠮᠵᠢ ᠢᠯᠡᠳᠲᠡ᠂ 2017 ᠣᠨ ᠠᠴᠠ 2019 ᠤᠨ ᠪᠣᠯᠲᠠᠯ᠎ᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠤᠯᠠᠭᠠᠨᠴᠠᠪ ᠬᠤᠲᠠ ᠶᠢᠨ ᠲᠠᠪᠤᠳᠤᠭᠠᠷ ᠲᠤ ᠣᠷᠣᠵᠤ᠂ ᠬᠤᠲᠠ ᠂ ᠰᠢᠶᠠᠨ ᠤ ᠰᠤᠷᠭᠠᠨ ᠬᠥᠮᠦᠵᠢᠯ ᠤᠨ ᠭᠤᠤᠯᠴᠢᠯᠠᠨ  ᠬᠠᠮᠢᠶᠠᠷᠬᠤ ᠰᠠᠯᠠᠭ᠎ᠠ ᠮᠥᠴᠢᠷ ᠤᠨ ᠬᠥᠬᠢᠭᠦᠯᠦᠯ ᠢ ᠣᠯᠠᠨᠲᠠ ᠭᠥᠷᠳᠡᠪᠡ᠃ 2019 ᠣᠨ ᠳᠤ ᠪᠥᠬᠦ ᠰᠢᠶᠠᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠮᠠᠩᠯᠠᠶᠢᠯᠠᠵᠤ᠂  ᠪᠦᠬᠦ ᠰᠢᠶᠠᠨ ᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ ᠶᠢᠨ ᠴᠣᠯᠠ ᠶᠢ ᠭᠥᠷᠳᠡᠪᠡ᠃    ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠰᠢ᠂ ᠬᠤᠩ ᠶᠤᠸᠠᠨ ᠳᠤᠮᠳᠠᠳᠤ ᠰᠤᠷᠭᠠᠭᠤᠯᠢ ᠣᠷᠣᠨ ᠪᠦᠰᠡ ᠶᠢᠨ ᠨᠡᠷᠡᠲᠦ ᠰᠤᠷᠭᠠᠭᠤᠯᠢ ᠶᠢ ᠡᠭᠦᠳᠦᠨ ᠪᠠᠶᠢᠭᠤᠯᠬᠤ ᠪᠠᠷ ᠬᠠᠷᠠᠯᠳᠡ ᠪᠣᠯᠭᠠᠵᠤ᠂ ᠰᠢᠶᠠᠨ ᠤ ᠪᠠᠶᠢᠳᠠᠯ ᠳᠤ ᠰᠠᠭᠤᠷᠢᠯᠠᠨ ᠰᠤᠷᠭᠠᠨ ᠬᠥᠮᠦᠵᠢᠯ ᠡᠷᠬᠢᠯᠡᠵᠦ᠂ ᠢᠷᠡᠭᠡᠳᠦᠢ ᠳᠤ  ᠬᠠᠨᠳᠤᠨ ᠬᠥᠭᠵᠢᠯᠲᠡ ᠶᠢ ᠡᠷᠢᠯᠬᠢᠯᠡᠪᠡ᠃ ᠠᠷᠪᠠ ᠭᠠᠷᠤᠶ ᠵᠢᠯ ᠳᠤ ᠨᠡᠶᠢᠲᠡ 200 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠵᠢᠭᠠᠨ ᠰᠤᠷᠭᠠᠬᠤ ᠲᠦᠬᠦᠭᠡᠷᠦᠮᠵᠢ ᠵᠢᠴᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠰᠤᠷᠭᠠᠭᠤᠯᠢ ᠨᠡᠷᠡᠲᠦ ᠪᠠᠭᠰᠢ ᠶᠢᠨ ᠪᠣᠯᠪᠠᠰᠤᠷᠠᠯ ᠢ ᠴᠢᠬᠤᠯᠠᠴᠢᠯᠠᠵᠤ᠂ ᠤᠷᠢᠳ ᠬᠤᠵᠢᠳ ᠣᠯᠠᠨ ᠪᠠᠭᠰᠢ ᠶᠢ ᠪᠡᠭᠡᠵᠢᠩ᠂ ᠱᠠᠨ ᠰᠢ᠂ ᠬᠥᠬᠡᠬᠤᠲᠠ᠂ ᠪᠤᠭᠤᠲᠤ ᠵᠡᠷᠭᠡ ᠭᠠᠵᠠᠷ ᠲᠤ ᠲᠣᠮᠢᠯᠠᠨ  ᠰᠤᠷᠤᠯᠴᠠᠭᠤᠯᠤᠨ ᠰᠣᠯᠢᠯᠴᠠᠭᠤᠯᠵᠤ᠂ ᠬᠠᠷᠠᠭ᠎ᠠ ᠪᠠᠨ ᠥᠷᠭᠡᠳᠬᠡᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠡᠶ᠃ ᠵᠢᠭᠠᠨ ᠰᠤᠷᠭᠠᠯᠲᠠ ᠶᠢᠨ ᠲᠠᠯ᠎ᠠ ᠪᠠᠷ ᠲᠡᠰ ᠬᠤᠪᠢᠶᠠᠭᠰᠠᠨ ᠵᠢᠭᠠᠨ ᠰᠤᠷᠭᠠᠯᠲᠠ ᠶᠢ ᠬᠡᠷᠡᠭᠯᠡᠵᠦ᠂ ᠠᠳᠠᠯᠢ ᠪᠤᠰᠤ ᠲᠡᠰ ᠳᠠᠪᠬᠤᠷᠭ᠎ᠠ ᠶᠢᠨ ᠰᠤᠷᠤᠭᠴᠢᠳ ᠢ ᠲᠤᠰ ᠲᠤᠰ ᠲᠤᠨᠢ ᠠᠰᠢᠭ ᠬᠦᠷᠲᠡᠭᠡᠵᠦ᠂ ᠬᠠᠮᠲᠤ ᠪᠠᠷ ᠳᠠᠪᠰᠢᠭᠤᠯᠵᠠᠢ᠃    ᠬᠤᠩ ᠶᠤᠸᠠᠨ ᠳᠤᠮᠳᠠᠳᠤ ᠰᠤᠷᠭᠠᠭᠤᠯᠢ ᠶᠢᠨ ᠬᠡᠷᠡᠭ ᠮᠡᠳᠡᠭᠴᠢᠳ ᠤᠨ ᠳᠠᠷᠤᠭ᠎ᠠ ᠠᠨ ᠱᠢ ᠸᠧᠶ ᠢᠯᠡᠷᠬᠡᠶᠢᠯᠡᠬᠦ ᠳᠡᠭᠡᠨ᠂ ᠬᠤᠩ ᠶᠤᠸᠠᠨ ᠳᠤᠮᠳᠠᠳᠤ ᠰᠤᠷᠭᠠᠭᠤᠯᠢ ᠦᠷᠭᠦᠯᠵᠢᠯᠡᠨ ᠡᠷᠡᠰ ᠪᠠᠲᠤ ᠬᠠᠷᠠᠯᠲᠠ᠂ ᠡᠷᠡᠰ ᠪᠠᠲᠤ ᠢᠲᠡᠭᠡᠯ ᠵᠣᠷᠢᠭ᠂ ᠪᠠᠲᠤ ᠴᠢᠩᠭ᠎ᠠ ᠠᠯᠬᠤᠭ᠎ᠠ ᠪᠠᠷ ᠲᠠᠰᠤᠷᠠᠯᠲᠠ ᠦᠭᠡᠢ ᠵᠠᠮ ᠨᠡᠭᠡᠭᠡᠨ ᠰᠢᠨ᠎ᠡ ᠶᠢ ᠡᠭᠦᠳᠴᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠬᠦ ᠪᠣᠯᠤᠨ᠎ᠠ᠃ ᠰᠤᠷᠭᠠᠭᠤᠯᠢ ᠶᠢᠨ ᠰᠢᠨ᠎ᠡ ᠬᠠᠭᠤᠳᠠᠰᠤ ᠶᠢ ᠪᠢᠴᠢᠨ᠎ᠡ ᠭᠡᠪᠡ᠃                                ᠰᠤᠷᠪᠤᠯᠵᠢᠯᠠᠭᠴᠢ᠄ ᠼᠤᠤ ᠵᠧᠨ᠂ ᠰᠢᠤᠢ ᠶᠠᠨ ᠯᠢ                                ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2