ᠮᠠᠨ ᠤ ᠰᠢᠶᠠᠨ ᠤ 1590 ᠭᠠᠷᠤᠶ ᠰᠢᠯᠭᠠᠭᠤᠯᠤᠭᠴᠢ ᠤᠯᠤᠰ ᠤᠨ ᠰᠢᠯᠭᠠᠯᠲᠠ ᠳᠤ ᠤᠷᠤᠯᠴᠠᠪᠠ
ᠨᠡᠶᠢᠲᠡᠯᠡᠭᠰᠡᠨ ᠴᠠᠭ᠄
2020-07-09
    ᠥᠨᠥᠳᠦᠷ ᠪᠠᠰᠠ ᠲᠡᠭᠡᠳᠦ ᠰᠤᠷᠭᠠᠭᠤᠯᠢ  ᠳᠤ ᠰᠤᠷᠤᠭᠴᠢ ᠡᠯᠰᠡᠬᠦ ᠰᠢᠯᠭᠠᠯᠲᠠ ᠬᠢᠵᠦ᠂ 2020  ᠤᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠡᠴᠦᠰ ᠲᠡᠭᠡᠨ ᠣᠯᠠᠨ ᠤ ᠲᠡᠷᠢᠭᠦᠨ ᠤ ᠬᠦᠰᠡᠯ ᠲᠤᠮᠳᠠ ᠨᠢᠭᠡ ᠰᠠᠷ᠎ᠠ ᠬᠤᠶᠢᠰᠢᠯᠠᠭᠤᠯᠤᠭᠰᠠᠨ ᠤ ᠳᠠᠷᠠᠭ᠎ᠠ ᠥᠨᠥᠳᠦᠷ ᠡᠬᠢᠯᠡᠵᠡᠶ᠃ ᠮᠠᠨ ᠤ ᠰᠢᠶᠠᠨ ᠤ 1590 ᠭᠠᠷᠤᠶ ᠰᠢᠯᠭᠠᠭᠤᠯᠤᠭᠴᠢ ᠢᠷᠡᠭᠡᠳᠦᠶ ᠶᠢᠨ ᠲᠤᠬᠠᠶ ᠬᠦᠰᠡᠯ ᠡᠪᠦᠷᠯᠡᠵᠦ᠂ ᠡᠯ᠎ᠡ ᠲᠠᠯ᠎ᠠ ᠶᠢᠨ ᠬᠢᠨ ᠤ ᠬᠦᠰᠡᠯ ᠡᠷᠡᠮᠡᠯᠵᠡᠯ ᠢ ᠡᠭᠦᠷᠭᠡᠯᠡᠵᠦ᠂ 2 ᠰᠢᠯᠭᠠᠯᠲᠠ ᠶᠢᠨ ᠴᠡᠭ 54 ᠰᠢᠯᠭᠠᠯᠲᠠ ᠶᠢᠨ ᠲᠠᠯᠠᠪᠤᠷ ᠲᠤ ᠬᠦᠰᠡᠯ ᠵᠡᠭᠦᠳᠦ ᠶᠢᠨ ᠲᠥᠯᠥᠭᠡ ᠰᠢᠪᠲᠤᠯᠤᠯᠲᠠ ᠬᠢᠪᠠ᠃     7 ᠰᠠᠷ᠎ᠠ ᠶᠢᠨ 7 ᠤ ᠡᠳᠦᠷ᠂ ᠥᠷᠯᠥᠭᠡ ᠶᠢᠨ 7 ᠴᠠᠭ ᠤᠨ ᠦᠶ᠎ᠡ ᠪᠠᠷ᠂ ᠯᠢᠶᠠᠩᠴᠧᠩ ᠤᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠨᠢᠭᠡᠨᠲᠡ ᠰᠡᠷᠭᠡᠶᠢᠯᠡᠯᠲᠡ ᠶᠢᠨ ᠱᠤᠭᠤᠮ ᠢ ᠲᠠᠲᠠᠵᠤ᠂ ᠰᠦᠯᠵᠢᠶᠡᠨ ᠭᠠᠳᠠᠨ᠎ᠠ ᠰᠢᠯᠭᠠᠯᠲᠠ ᠬᠦᠷᠭᠡᠬᠦ ᠮᠠᠰᠢᠨ ᠲᠡᠷᠭᠡ ᠲᠠᠰᠤᠷᠠᠯᠲᠠ ᠥᠬᠡᠶ ᠴᠤᠪᠤᠷᠠᠵᠤ  ᠪᠠᠶᠢᠨ᠎ᠠ᠃ ᠵᠠᠮ ᠬᠠᠷᠢᠯᠴᠠᠭᠠᠨ ᠤ ᠴᠠᠭᠳᠠᠭ᠎ᠠ ᠵᠠᠮ ᠬᠠᠷᠢᠯᠴᠠᠭ᠎ᠠ ᠶᠢ ᠵᠢᠯᠣᠭᠤᠳᠴᠤ᠂ ᠠᠷᠠᠳ ᠤᠨ ᠴᠠᠭᠳᠠᠭ᠎ᠠ ᠡᠮᠬᠢ ᠵᠢᠷᠤᠮ ᠢ ᠬᠠᠮᠠᠭᠠᠯᠠᠵᠤ᠂ ᠰᠠᠶᠢᠨ ᠳᠤᠷᠠᠴᠤᠳ ᠣᠯᠠᠨ ᠲᠦᠮᠡᠨ ᠢ ᠢᠳᠬᠠᠨ ᠲᠠᠷᠬᠠᠭᠠᠵᠤ ᠪᠠᠶᠢᠨ᠎ᠠ᠃ ᠰᠢᠯᠭᠠᠯᠲᠠ ᠶᠢᠨ ᠲᠠᠯᠠᠪᠤᠷ ᠤᠨ ᠠᠵᠢᠯᠲᠠᠳ ᠨᠢᠭᠡᠨᠲᠡ ᠪᠦᠬᠦᠨ ᠢᠶᠠᠷ ᠢᠶᠠᠨ ᠬᠦᠷᠴᠦ᠂ ᠰᠢᠯᠭᠠᠭᠤᠯᠤᠭᠴᠢ ᠠᠮᠠᠪᠴᠢ ᠵᠡᠭᠦᠵᠦ ᠳᠤᠯᠠᠭᠠᠨ ᠤ ᠬᠡᠮᠵᠢᠶ᠎ᠡ ᠶᠢ ᠬᠡᠮᠵᠢᠭᠦᠯᠦᠭᠰᠡᠨ ᠤ ᠳᠠᠷᠠᠭ᠎ᠠ᠂ ᠡᠮᠬᠢ ᠵᠢᠷᠤᠮ ᠲᠠᠢ ᠪᠠᠷ ᠰᠢᠯᠭᠠᠯᠲᠠ ᠶᠢᠨ ᠲᠠᠯᠠᠪᠤᠷ ᠲᠤ ᠣᠷᠣᠨ᠎ᠠ᠃     ᠣᠶᠢᠯᠠᠭᠠᠭᠰᠠᠨ ᠢᠶᠠᠷ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠨᠢ ᠪᠥᠬᠦ ᠰᠢᠶᠠᠨ ᠤ ᠣᠯᠠᠨ ᠰᠣᠷᠣᠭᠴᠢ ᠪᠠ ᠬᠡᠷ ᠤᠨ ᠠᠬᠠᠮᠠᠳ ᠤᠨ ᠰᠡᠳᠬᠢᠯ ᠢ ᠲᠠᠲᠠᠵᠤ ᠪᠠᠶᠢᠨ᠎ᠠ᠃ ᠮᠠᠨ ᠤ ᠰᠢᠶᠠᠨ ᠰᠢᠯᠭᠠᠭᠤᠯᠤᠭᠴᠢ ᠪᠠᠷ ᠲᠥᠪ ᠪᠣᠯᠭᠠᠬᠤ ᠶᠢ ᠪᠠᠷᠢᠮᠲᠠᠯᠠᠵᠤ᠂ ︽ᠡᠷᠡᠭᠦᠯ ᠮᠡᠨᠳᠦ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ︾᠂ ︽ᠲᠥᠪ ᠭᠤᠤᠯᠴᠢ ᠪᠠᠷ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ︾ ᠶᠢᠨ ᠠᠵᠢᠯ ᠤᠨ ᠬᠠᠷᠠᠯᠳᠡ ᠶᠢᠨ ᠲᠣᠭᠤᠷᠢᠨ ᠳᠤ᠂ 2020 ᠣᠨ ᠤ ᠪᠥᠬᠦ ᠤᠯᠤᠰ᠂ ᠪᠥᠬᠦ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ  ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ ᠤᠨ ᠶᠠᠮᠤᠨ ᠪᠣᠯᠤᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ  ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠬᠢᠵᠢᠭ ᠰᠡᠷᠭᠡᠶᠢᠯᠡᠬᠦ ᠠᠵᠢᠯ ᠤᠨ ᠲᠤᠬᠠᠶ ᠵᠢᠯᠣᠭᠤᠳᠬᠤ  ᠰᠠᠨᠠᠯ ᠢ ᠦᠨᠳᠦᠰᠦᠯᠡᠵᠡᠶ᠃ ᠰᠤᠷᠤᠭᠴᠢ ᠡᠯᠰᠡᠬᠦ ᠺᠣᠮᠢᠰ ᠪᠠᠴᠢᠮ ᠪᠠᠶᠢᠳᠠᠯ ᠢ  ᠠᠷᠭᠠᠴᠠᠭᠠᠬᠤ ᠠᠵᠢᠯ ᠪᠠ ᠲᠡᠭᠡᠳᠦ  ᠰᠤᠷᠭᠠᠭᠤᠯᠢ ᠳᠤ ᠰᠤᠷᠤᠭᠴᠢ  ᠡᠯᠰᠡᠬᠦ ᠰᠢᠯᠭᠠᠯᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠷᠢᠳᠴᠢᠯᠠᠨ ᠲᠣᠭᠲᠠᠭᠠᠵᠤ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠦᠬᠦ ᠴᠤᠪᠤᠷᠠᠯ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠪᠡ᠃ ᠰᠢᠯᠭᠠᠯᠲᠠ ᠶᠢᠨ ᠴᠡᠭ ᠲᠤ ᠪᠡᠶ᠎ᠡ ᠶᠢᠨ ᠳᠤᠯᠠᠭᠠᠨ  ᠢ ᠰᠢᠯᠭᠠᠨ ᠪᠠᠶᠢᠴᠠᠭᠠᠬᠤ ᠵᠠᠮ᠂ ᠶᠡᠭᠡ ᠰᠤᠷᠭᠠᠭᠤᠯᠢ ᠳᠤ  ᠰᠢᠯᠭᠠᠬᠤ ᠰᠢᠯᠭᠠᠯᠲᠠ ᠶᠢᠨ ᠨᠢᠭᠤᠷ  ᠱᠦᠭᠦᠷᠳᠡᠬᠦ ᠰᠢᠰᠲ᠋ᠧᠮ᠂ ᠬᠠᠯᠬᠠᠯᠠᠨ ᠲᠠᠰᠤᠯᠬᠤ ᠰᠢᠰᠲ᠋ᠧᠮ᠂ ᠰᠢᠯᠭᠠᠭᠤᠯᠤᠭᠴᠢ  ᠶᠢᠨ ᠠᠮᠠᠷᠠᠬᠤ ᠭᠠᠵᠠᠷ᠂ ᠡᠮᠨᠡᠯᠭᠡ ᠶᠢᠨ ᠲᠠᠰᠤᠭ ᠵᠡᠷᠭᠡ ᠲᠥᠬᠦᠭᠡᠷᠦᠮᠵᠢ ᠲᠣᠬᠢᠷᠠᠭᠤᠯᠵᠤ᠂ ᠡᠭᠦᠨ ᠤ ᠬᠠᠮᠲᠤ ᠲᠤᠰᠠᠭᠠᠷᠯᠠᠨ ᠬᠡᠷᠡᠭᠯᠡᠬᠦ ᠪᠡᠯᠡᠳᠬᠡᠯ ᠰᠢᠯᠭᠠᠯᠲᠠ ᠶᠢᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠵᠦ᠂ ᠪᠣᠶ ᠪᠥᠬᠦᠶ ᠰᠢᠯᠭᠠᠭᠤᠯᠤᠭᠴᠢ ᠪᠠ ᠰᠢᠯᠭᠠᠯᠲᠠ ᠳᠤ ᠬᠤᠯᠪᠣᠭᠳᠠᠭᠰᠠᠨ ᠬᠥᠮᠦᠰ ᠢ ᠰᠢᠯᠭᠠᠯᠲᠠ ᠳᠤ ᠣᠷᠣᠯᠴᠠᠬᠤ ᠠᠴᠠ14 ᠡᠳᠦᠷ ᠤᠨ ᠡᠮᠦᠨ᠎ᠡ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠯᠭᠡᠬᠦ ᠬᠡᠷᠡᠭᠲᠡᠶ ᠭᠡᠵᠦ ᠱᠠᠭᠠᠷᠳᠠᠪᠠ᠃      ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠶᠡᠭᠡ ᠰᠤᠷᠭᠠᠭᠤᠯᠢ ᠳᠤ ᠡᠯᠰᠡᠬᠦ  ᠰᠢᠯᠭᠠᠯᠳᠡ ᠳᠤ ᠪᠡᠯᠡᠳᠬᠡᠬᠦ ᠡᠩ ᠤᠨ ᠪᠡᠯᠡᠳᠬᠡᠯ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ  ᠬᠠᠮᠢᠶᠠᠷᠤᠯᠳᠡ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ  ᠴᠢᠩᠭᠠᠳᠬᠠᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠢᠯᠭᠠᠯᠲᠠ ᠶᠢᠨ ᠴᠡᠭ ᠤᠨ ᠣᠷᠴᠢᠨ ᠲᠣᠭᠤᠷᠢᠨ ᠢ ᠵᠠᠰᠠᠬᠤ᠂ ᠰᠢᠯᠭᠠᠯᠲᠠ ᠶᠢᠨ ᠠᠮᠤᠷ ᠲᠦᠪᠰᠢᠨ ᠢ ᠬᠠᠮᠠᠭᠠᠯᠠᠬᠤ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠳᠤ ᠶᠢ ᠴᠡᠭᠴᠡᠯᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠴᠦ ᠰᠢᠯᠭᠠᠭᠤᠯᠤᠭᠴᠢᠳ ᠲᠤ ᠴᠢᠭᠯᠡᠭᠦᠯᠦᠨ ᠵᠠᠮ ᠬᠠᠷᠢᠯᠴᠠᠭ᠎ᠠ᠂ ᠱᠤᠤᠭᠢᠶᠠᠨ ᠢ ᠵᠠᠰᠠᠬᠤ᠂ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠯᠭᠠᠭᠤᠯᠤᠭᠴᠢ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠲᠣᠰ ᠤᠳᠠᠭᠠᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃                                                                                               ᠵᠤᠬᠢᠶᠠᠭᠴᠢ᠄ ᠰᠦᠩ ᠹᠦ᠋ ᠾᠧᠩ                                     ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2