ᠮᠠᠨ ᠤ ᠰᠢᠶᠠᠨ ᠬᠥᠳᠡᠭᠡ ᠲᠣᠰᠬᠤᠨ ᠤ ᠵᠢᠭᠤᠯᠴᠢᠯᠠᠯ ᠤᠨ ᠤᠶᠢᠯᠡᠰ ᠤᠨ ᠬᠥᠭᠵᠢᠯᠲᠡ ᠶᠢ ᠠᠬᠢᠭᠤᠯᠬᠤ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2020-08-10
    8 ᠰᠠᠷ᠎ᠠ ᠶᠢᠨ 6 ᠤ ᠡᠳᠦᠷ᠂ ᠮᠠᠨ ᠤ ᠰᠢᠶᠠᠨ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ‌ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠶ᠂ ᠲᠡᠷᠡ ᠴᠢᠬᠤᠯᠠᠴᠢᠯᠠᠭᠰᠠᠨ ᠨᠢ᠂ ᠦᠵᠡᠯᠲᠡ ᠪᠠᠨ ᠬᠤᠪᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠥᠰᠦᠪᠯᠡᠵᠦ᠂ ᠬᠥᠳᠡᠭᠡ ᠲᠣᠰᠬᠤᠨ ᠤ ᠲᠤᠰ  ᠪᠡᠶ᠎ᠡ ᠶᠢᠨ ᠳᠠᠪᠠᠭᠤᠯᠢᠭ ᠢ  ᠭᠦᠢᠴᠡᠳ ᠪᠠᠳᠠᠷᠠᠭᠤᠯᠵᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠥᠷᠥᠯ  ᠵᠤᠶᠢᠯ ᠢᠶᠠᠷ ᠳᠠᠶᠢᠴᠢᠯᠠᠬᠤ ᠶᠢ  ᠴᠢᠩᠭᠠᠳᠬᠠᠵᠤ᠂ ᠣᠨᠴᠠᠯᠢᠭᠲᠤ ᠬᠥᠭᠵᠢᠯᠲᠡ ᠶᠢ ᠳᠣᠪᠤᠶᠢᠯᠭᠠᠵᠤ᠂ ᠬᠥᠳᠡᠭᠡ ᠲᠣᠰᠬᠤᠨ ᠤ ᠰᠣᠳᠣᠨ ᠵᠤᠭᠠᠴᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠲᠦᠷᠭᠡᠳᠬᠡᠨ ᠪᠤᠶᠢᠵᠢᠭᠤᠯᠤᠨ᠎ᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠤᠢ  ᠯᠦᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠷᠧᠨ ᠳ᠋ᠦᠩ ᠮᠢᠩ᠂  ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠷᠦᠢ ᠬᠤᠷᠠᠯ ᠳᠤ ᠣᠷᠣᠯᠴᠠᠵᠠᠶ᠃
    ᠸᠠᠩ ᠸᠧᠨ ᠱᠠᠭᠠᠷᠳᠠᠭᠰᠠᠨ ᠨᠢ᠂ ᠬᠤᠳᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠤᠨ ᠵᠣᠷᠢᠭ  ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠵᠤᠭᠠᠴᠠᠯ ᠤᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠨᠢᠭᠡᠴᠡ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠣᠶᠣᠯ ᠵᠢᠭᠤᠯᠴᠢᠯᠠᠯ ᠤᠨ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠡᠯ᠎ᠡ  ᠵᠤᠶᠢᠯ ᠤᠨ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠠᠳᠬᠤᠵᠤ᠂ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ ᠶᠢᠨ  ᠡᠭᠦᠷᠭᠡ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ  ᠪᠠᠳᠤᠯᠠᠬᠤ ᠬᠡᠷᠡᠭᠳᠡᠢ ᠭᠡᠪᠡ᠃     ᠸᠠᠩ ᠸᠧᠨ ᠴᠢᠬᠤᠯᠠᠴᠢᠯᠠᠭᠰᠠᠨ ᠨᠢ᠂ ᠰᠣᠶᠣᠯ ᠵᠢᠭᠤᠯᠴᠢᠯᠠᠯ ᠤᠨ ᠠᠵᠢᠯ ᠢ ᠢᠮᠠᠭᠲᠠ  ᠲᠤᠪᠤᠶᠢᠮ᠎ᠠ ᠪᠠᠶᠢᠷᠢᠨ ᠳᠤ  ᠲᠠᠯᠪᠢᠵᠦ᠂ ᠲᠥᠷᠥᠯ ᠵᠤᠶᠢᠯ ᠤᠨ ᠬᠤᠳᠠᠯᠳᠤᠭᠠᠴᠢᠨ ᠤᠷᠢᠬᠤ ᠶᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ  ᠴᠢᠬᠤᠯᠠ ᠭᠠᠷᠳᠠᠴᠠ ᠪᠣᠯᠭᠠᠵᠤ᠂ ᠰᠡᠳᠬᠢᠮᠵᠢ ᠪᠠᠨ ᠥᠷᠭᠡᠳᠬᠡᠵᠦ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠬᠥᠳᠡᠭᠡ ᠲᠣᠰᠬᠤᠨ ᠤ ᠴᠢᠨᠠᠷ ᠰᠠᠶᠢᠲᠠᠶ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠤᠨᠴᠠᠯᠢᠬᠳᠤ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ ᠵᠤᠶᠢᠯ ᠤᠨ ᠬᠤᠳᠠᠯᠳᠤᠭᠠᠴᠢᠨ ᠤᠷᠢᠬᠤ ᠡᠷᠴᠢᠮ ᠢ ᠴᠢᠩᠭᠠᠷᠠᠭᠤᠯᠤᠨ᠎ᠠ᠃ ᠬᠠᠮ ᠵᠠᠭᠤᠴᠢᠯᠠᠭᠤᠷ ᠤᠨ ᠲᠥᠪ ᠨᠢ ᠵᠠᠭᠤᠴᠢᠯᠠᠭᠤᠷ ᠤᠨ ᠳᠠᠪᠠᠭᠤᠯᠢᠭ ᠪᠠ ᠣᠨᠴᠠᠯᠢᠭ ᠢ ᠭᠦᠢᠴᠡᠳ ᠪᠠᠳᠠᠷᠠᠭᠤᠯᠵᠤ᠂ ᠰᠢᠶᠠᠩ ᠪᠠᠯᠭᠠᠰᠤ ᠯᠤᠭ᠎ᠠ ᠶᠢᠨ ᠨᠡᠪᠲᠡᠷᠡᠯᠴᠡᠭᠡ ᠪᠠ ᠰᠣᠯᠢᠯᠴᠠᠭ᠎ᠠ ᠪᠠᠨ ᠴᠢᠩᠭᠠᠳᠬᠠᠵᠤ᠂ ᠬᠥᠳᠡᠭᠡ ᠲᠣᠰᠬᠤᠨ ᠤ  ᠵᠢᠭᠤᠯᠴᠢᠯᠠᠯ ᠤᠨ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ᠂ ᠣᠯᠠᠨ ᠬᠠᠷᠠᠭᠠᠰᠤ ᠠᠴᠠ ᠰᠠᠶᠢᠲᠤᠷ ᠬᠢᠨ᠎ᠡ᠃ ᠡᠯ᠎ᠡ ᠰᠢᠶᠠᠩ ᠪᠠᠯᠭᠠᠰᠤ ᠨᠢ ᠭᠠᠳᠠᠨ᠎ᠠ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠪᠠᠷᠢᠯ ᠢ ᠰᠤᠷᠤᠯᠴᠠᠨ ᠯᠠᠪᠯᠠᠯᠲᠠ ᠪᠣᠯᠭᠠᠵᠤ᠂ ᠦᠵᠡᠯᠲᠡ ᠪᠠᠨ ᠬᠤᠪᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠠᠷᠭ᠎ᠠ ᠤᠬᠠᠭᠠᠨ ᠰᠦᠪᠡᠭᠴᠢᠯᠡᠵᠦ᠂  ᠤᠨᠴᠠᠯᠢᠭᠵᠢᠭᠰᠠᠨ ᠬᠥᠭᠵᠢᠯᠲᠡ ᠶᠢ ᠳᠣᠪᠤᠶᠢᠯᠭᠠᠨ᠂ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠲᠥᠷᠥᠯ  ᠵᠤᠶᠢᠯ ᠢ ᠤᠬᠠᠭᠠᠯᠠᠨ ᠰᠡᠳᠦᠵᠦ ᠂ ᠰᠢᠶᠠᠨ ᠤ ᠬᠤᠲᠠ ᠪᠠ ᠡᠷᠬᠢᠨ ᠲᠣᠭᠤᠷᠢᠨ ᠤ ᠭᠠᠵᠠᠷ ᠣᠷᠣᠨ ᠤ ᠵᠢᠭᠤᠯᠴᠢᠯᠠᠭᠴᠢᠳ ᠢ ᠳᠠᠶᠢᠴᠢᠯᠠᠨ ᠠᠮᠢᠳᠤᠷᠠᠯ ᠢ ᠨᠢ ᠣᠶᠢᠯᠠᠭᠠᠭᠤᠯᠵᠤ᠂ ᠰᠡᠯᠡᠭᠦᠴᠡᠨ ᠵᠤᠭᠠᠯᠠᠬᠤ ᠪᠣᠯᠭᠠᠨ᠎ᠠ᠃ ᠰᠢᠨ᠎ᠡ ᠴᠠᠭ ᠦᠶ᠎ᠡ ᠶᠢᠨ ᠠᠷᠠᠳ ᠣᠯᠠᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ  ᠵᠤᠬᠢᠴᠠᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠣᠶᠢᠯᠠᠭᠠᠭᠳᠠᠬᠤᠨ ᠢ ᠪᠤᠢ ᠪᠣᠯᠭᠠᠵᠤ᠂ ᠲᠤᠰ ᠭᠠᠵᠠᠷ ᠤᠨ ᠰᠣᠶᠣᠯ ᠤᠨ ᠣᠨᠴᠠᠯᠢᠭ ᠢ ᠳᠣᠪᠤᠶᠢᠯᠭᠠᠨ ᠂ ᠣᠷᠣᠨ ᠨᠤᠲᠤᠭ ᠤᠨ ᠣᠨᠴᠠᠯᠢᠭ ᠢ ᠠᠭᠤᠳᠠᠯᠵᠤ᠂ ᠬᠥᠮᠦᠰ ᠤᠨ ᠠᠩᠬᠠᠷᠤᠯ ᠢ ᠲᠠᠰᠤᠷᠠᠯᠲᠠ ᠦᠭᠡᠢ ᠲᠠᠲᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠣᠶᠣᠯ ᠵᠢᠭᠤᠯᠴᠢᠯᠠᠯ ᠤᠨ  ᠠᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠬᠤ ᠶᠢ ᠪᠠᠲᠤᠯᠠᠨ᠎ᠠ ᠭᠡᠪᠡ᠃  ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                            ᠰᠤᠷᠪᠤᠯᠵᠢᠯᠠᠭᠴᠢ᠄  ᠴᠧᠨ  ᠶᠦᠨ                              ᠳᠠᠳᠤᠯᠭ᠎ᠠ ᠶᠢᠨ ᠰᠤᠷᠤᠭᠴᠢ ᠰᠢᠤᠢ ᠶᠠᠨ ᠯᠢ᠂ ᠰᠦᠩ ᡁᠢ ᠲᠢᠩ                            ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                            ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2