ᠴᠧᠨ ᠸᠧᠶ ᠬᠡᠰᠡᠭ ᠠᠵᠤ  ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ‌‍ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-08-11
     ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ  ᠲᠡᠳ᠋ ᠰᠢᠶᠠᠨ ᠤ ᠳᠠᠷᠤᠭ᠎ᠠ ᠴᠧᠨ ᠸᠧᠶ ᠪᠦᠯᠬᠦᠮ ᠢᠶᠠᠨ ᠳᠠᠭᠠᠭᠤᠯᠤᠨ ᠮᠥᠰᠥᠨ ᠬᠤᠨᠢᠨ ᠮᠢᠬ᠎ᠠ ᠶᠢᠨ  ᠤᠶᠢᠯᠡᠰ᠂  ᠸᠠᠩ ᠰᠢᠩ ᠢᠳᠡᠭᠡᠨ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠳᠤ ᠬᠦᠷᠴᠦ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠠᠶ᠃ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ  ᠵᠤᠬᠢᠴᠠᠩᠭᠤᠢ ᠪᠠᠷ  ᠰᠢᠢᠳᠪᠤᠷᠢᠯᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃      ᠴᠧᠨ ᠸᠧᠢ ᠨᠡᠷ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠤᠶᠢᠯᠡᠳᠪᠤᠷᠢᠯᠡᠯ᠂ ᠡᠵᠡᠩᠨᠡᠯᠲᠡ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠪᠠ᠃ ᠠᠵᠤ ᠠᠬᠤᠶᠢᠯᠠᠯ ᠤᠨ ᠲᠤᠰᠬᠠᠭᠰᠠᠨ ᠦᠢᠯᠡᠳᠪᠦᠷᠢᠯᠡᠯ ᠤᠨ ᠶᠠᠪᠤᠴᠠ ᠳᠤ ᠭᠠᠷᠤᠭᠰᠠᠨ ᠵᠠᠯᠭᠠᠯᠳᠤᠭᠠᠪᠠᠷ ᠴᠠᠬᠢᠯᠭᠠᠨ ᠵᠣᠭᠰᠣᠭᠰᠠᠨ ᠠᠳᠡᠯ ᠳᠤ ᠴᠢᠭᠯᠡᠭᠦᠯᠦᠨ᠂ ᠴᠠᠬᠢᠯᠭᠠᠨ ᠵᠣᠭᠰᠣᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠵᠤ᠂ ᠴᠠᠬᠢᠯᠭᠠᠨ ᠵᠣᠭᠰᠣᠭᠰᠠᠨ ᠲᠡᠮᠳᠡᠭᠯᠡᠯ ᠤᠨ ᠡᠬᠡ ᠳᠠᠩᠰᠠ ᠶᠢ ᠪᠠᠶᠢᠴᠠᠭᠠᠨ ᠦᠵᠡᠪᠡ᠃       ᠶᠠᠷᠢᠯᠴᠠᠬᠤ ᠬᠤᠷᠠᠯ ᠳᠡᠭᠡᠷ᠎ᠡ᠂ ᠴᠧᠨ ᠸᠧᠶ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠪᠣᠯᠤᠨ ᠤᠷᠤᠰᠢᠵᠦ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠤᠭᠰᠠᠨ ᠪᠥᠭᠡᠳ  ᠸᠠᠩ ᠰᠢᠩ  ᠢᠳᠡᠭᠡᠨ ᠡᠳ᠋ᠰᠢᠭᠦᠯᠬᠦ ᠬᠢᠵᠠᠭᠠᠷᠲᠤ ᠺᠣᠮᠫᠠᠨᠢ ᠶᠢᠨ ᠬᠥᠭᠵᠢᠯᠲᠡ ᠶᠢ  ᠭᠦᠢᠴᠡᠳ ᠨᠤᠲᠠᠯᠠᠪᠠ᠃ ᠲᠡᠷᠡ ᠵᠢᠭᠠᠵᠤ ᠭᠠᠷᠭᠠᠭᠰᠠᠨ ᠨᠢ᠂ ᠴᠠᠬᠢᠯᠭᠠᠨ ᠬᠦᠴᠦᠨ ᠤ ᠬᠠᠩᠭᠠᠯᠭ᠎ᠠ ᠪᠣᠯ ᠠᠵᠤ ᠠᠬᠤᠶᠢᠯᠠᠯ ᠤᠨ ᠦᠷᠭᠦᠯᠵᠢᠯᠡᠨ  ᠤᠶᠢᠯᠡᠳᠪᠤᠷᠢᠯᠡᠬᠦ ᠶᠢ  ᠪᠠᠳᠤᠯᠠᠬᠤ ᠶᠢᠨ ᠳᠤᠲᠠᠭᠳᠠᠵᠤ ᠪᠣᠯᠤᠰᠢ ᠦᠭᠡᠶ ᠴᠢᠬᠤᠯᠠ ᠬᠦᠴᠦᠨ ᠵᠤᠶᠢᠯ ᠪᠣᠯᠬᠤ ᠲᠤᠯᠠ ᠴᠠᠬᠢᠯᠭᠠᠨ ᠬᠠᠩᠭᠠᠬᠤ ᠰᠠᠯᠠᠭ᠎ᠠ  ᠮᠦᠴᠢᠷ ᠡᠷᠬᠡᠪᠰᠢ ᠬᠠᠭᠤᠴᠢᠨ ᠴᠠᠬᠢᠯᠭᠠᠨ ᠬᠦᠴᠦᠨ ᠤ ᠪᠡᠯᠡᠳᠬᠡᠮᠵᠢ᠂ ᠵᠠᠮ ᠱᠤᠭᠤᠮ ᠢ ᠥᠭᠡᠷᠡᠴᠢᠯᠡᠬᠦ ᠠᠵᠢᠯ ᠢ  ᠰᠠᠶᠢᠳᠤᠷ ᠬᠢᠬᠦ ᠬᠡᠷᠡᠭᠲᠡᠶ᠃ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠪᠠ ᠠᠵᠢᠯᠲᠠᠨ ᠤ ᠬᠡᠪ ᠤᠨ ᠠᠮᠢᠳᠤᠷᠠᠯ ᠢ ᠪᠠᠲᠤᠯᠠᠨ᠎ᠠ ᠭᠡᠪᠡ᠃      ᠴᠧᠨ ᠸᠧᠶ ᠱᠠᠭᠠᠷᠳᠠᠭᠰᠠᠨ ᠨᠢ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠡᠷᠬᠡᠪᠰᠢ ᠤᠶᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠵᠦ᠂ ᠨᠡᠪᠲᠡᠷᠡᠯᠴᠡᠭᠡ ᠪᠠᠨ ᠴᠢᠩᠭᠠᠳᠬᠠᠵᠤ᠂  ᠠᠵᠦ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂  ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠤᠷᠢᠯᠡᠵᠦ᠂ ᠠᠵᠤ  ᠠᠬᠤᠶᠢᠯᠠᠯ ᠳᠤ ᠨᠠᠩ ᠴᠢᠨᠠᠷ ᠰᠠᠶᠢᠲᠠᠶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠪᠤᠢ ᠪᠣᠯᠭᠠᠵᠤ ᠥᠭᠬᠦ ᠬᠡᠷᠡᠭᠲᠡᠶ᠃      ᠬᠤᠷᠠᠯ ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠳᠤᠷᠠᠳᠤᠭᠰᠠᠨ ᠴᠠᠬᠢᠯᠭᠠᠨ ᠬᠡᠷᠡᠭᠯᠡᠬᠦ  ᠬᠡᠷᠡᠭᠴᠡᠭᠡ ᠱᠠᠭᠠᠷᠳᠠᠯᠭ᠎ᠠ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠵᠡᠷᠭᠡ ᠲᠠᠯ᠎ᠠ ᠶᠢᠨ ᠠᠰᠠᠭᠤᠳᠠᠯ ᠳᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠲᠠᠶᠢᠯᠪᠤᠷᠢᠯᠠᠯᠲᠠ ᠬᠢᠵᠡᠶ᠃ ᠠᠵᠤ ᠠᠬᠤᠶᠢᠯᠠᠯ ᠢ ᠢᠳᠡᠪᠬᠢᠲᠡᠶ ᠵᠣᠬᠢᠴᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ  ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠵᠡᠶ᠃      ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃                                   ᠴᠢᠮᠡᠭᠡᠯᠡᠭᠴᠢ᠄ ᠹᠦ᠋ ᠫᠧᠩ                                   ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                   ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2