ᠮᠠᠨ ᠤ ᠰᠢᠶᠠᠨ ᠳᠥᠷᠪᠡᠨ ᠶᠡᠭᠡ ᠤᠳᠤᠷᠢᠳᠬᠤ ᠪᠠᠭ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-08-12
    8 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠰᠢᠶᠠᠨ ᠤ ᠳᠦᠷᠪᠡᠨ ᠶᠡᠭᠡ ᠤᠳᠤᠷᠢᠳᠬᠤ ᠪᠠᠭ  ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ᠂  ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠨ ᠺᠤᠸᠠᠨ ᠵᠡᠷᠭᠡ ᠲᠦᠷᠪᠡᠨ ᠶᠡᠭᠡ ᠤᠳᠤᠷᠢᠳᠬᠤ ᠪᠠᠭ  ᠤᠨ ᠤᠳᠤᠷᠢᠳᠬᠤ ᠬᠥᠮᠦᠰ ᠬᠤᠷᠠᠯ ᠳᠤ ᠣᠷᠣᠯᠴᠠᠪᠠ᠃
          ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠷᠪᠠᠳᠤᠭᠠᠷ ᠱᠠᠲᠤᠨ ᠤ ᠠᠵᠢᠯ ᠤᠨ ᠤᠴᠢᠷ ᠪᠠ ᠶᠠᠳᠠᠭᠤ ᠶᠢ ᠲᠡᠳᠬᠦᠬᠦ ᠪᠡᠯᠡ ᠮᠥᠩᠭᠦ ᠶᠢ ᠲᠤᠬᠢᠷᠠᠭᠤᠯᠬᠤ ᠤᠴᠢᠷ ᠶᠠᠪᠤᠳᠠᠯ ᠢ ᠰᠤᠳᠤᠯᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠺᠠᠳ᠋ᠷᠴᠤᠳ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠭᠦᠯᠵᠦ᠂ ᠳᠠᠶᠢᠨ ᠠᠴᠠ ᠬᠠᠰᠢᠷᠠᠬᠤ᠂ ᠬᠤᠶᠢᠷᠭᠤᠰᠢᠬᠤ ᠦᠵᠡᠯ ᠰᠠᠨᠠᠭ᠎ᠠ ᠪᠠᠶᠢᠵᠤ ᠶᠠᠭᠠᠬᠢᠭᠰᠠᠨ ᠴᠤ ᠪᠣᠯᠬᠤ ᠦᠭᠡᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠢᠮᠠᠭᠲᠠ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ  ᠠᠳᠬᠤᠵᠤ᠂ ᠦᠷᠭᠦᠯᠵᠢᠯᠡᠨ ᠳᠤᠲᠠᠭᠤᠳᠠᠯ ᠢᠶᠠᠨ ᠨᠥᠬᠦᠪᠥᠷᠢᠯᠡᠬᠦ ᠪᠠ ᠨᠡᠶᠢᠳᠡᠮ ᠪᠠᠶᠢᠴᠠᠭᠠᠯᠲᠠ ᠶᠢ ᠤᠭᠲᠤᠬᠤ ᠶᠠᠪᠤᠳᠠᠯ ᠢ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠭᠤᠣᠯᠳᠠᠯᠭ᠎ᠠ ᠪᠣᠯᠭᠠᠵᠤ᠂ ᠣᠷᠣᠨ ᠰᠠᠭᠤᠴᠠ᠂ ᠡᠮᠨᠡᠯᠭᠡ᠂ ᠤᠰᠤ᠂ ᠤᠶᠢᠯᠡᠳᠪᠤᠷᠢᠯᠡᠯ᠂ ᠳᠠᠩᠰᠠ ᠡᠪᠬᠡᠮᠡᠯ ᠢ ᠪᠠᠬᠢᠵᠢᠭᠦᠯᠦᠨ  ᠲᠡᠭᠡᠭᠰᠢᠯᠡᠭᠦᠯᠬᠦ ᠶᠢᠨ ᠬᠠᠮᠲᠤ ᠡᠯ᠎ᠡ ᠲᠥᠷᠥᠯ ᠤᠨ ᠰᠢᠮᠳᠠᠭᠤᠯᠤᠨ ᠪᠠᠶᠢᠴᠠᠭᠠᠬᠤ᠂ ᠳᠠᠯᠳᠠᠭᠤᠷ ᠰᠤᠷᠪᠤᠯᠵᠢᠯᠠᠬᠤ᠂ ᠪᠠᠶᠢᠴᠠᠭᠠᠨ ᠰᠤᠳᠤᠯᠤᠯᠲᠠ ᠬᠢᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠰᠢᠯᠢᠳᠡᠭ ᠬᠢᠷᠢ ᠪᠦᠲᠦᠮᠵᠢ ᠪᠠᠷ ᠤᠯᠤᠰ  ᠤᠨ ᠨᠡᠶᠢᠳᠡᠮ ᠪᠠᠶᠢᠴᠠᠭᠠᠯᠲᠠ ᠶᠢᠨ  ᠰᠢᠯᠭᠠᠷᠠᠭᠤᠯᠤᠯᠳᠡ ᠶᠢ ᠬᠦᠯᠢᠶᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃       ᠬᠤᠷᠠᠯ ᠠᠴᠠ ᠳᠠᠭ᠎ᠠ ᠶᠢᠨ ᠨᠠᠭᠤᠷ ᠤᠨ ᠵᠠᠰᠠᠯᠲᠠ ᠶᠢᠨ ᠭᠤᠷᠪᠠᠳᠤᠭᠠᠷ ᠱᠠᠲᠤᠨ ᠤ ᠠᠵᠢᠯ ᠤᠨ ᠲᠤᠬᠠᠢ ᠰᠤᠳᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠵᠠᠰᠠᠯᠲᠠ ᠶᠢᠨ  ᠠᠵᠢᠯ ᠢ ᠦᠷᠭᠦᠯᠵᠢᠯᠡᠨ ᠠᠬᠢᠭᠤᠯᠵᠤ᠂ ︽ᠳᠥᠷᠪᠡ ᠶᠢ ᠬᠢᠵᠠᠭᠠᠷᠯᠠᠬᠤ ᠭᠤᠷᠪᠠ ᠶᠢ ᠰᠢᠢᠳᠪᠦᠷᠢᠯᠡᠬᠦ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠤᠬᠠᠮᠰᠠᠷ ᠪᠠ ᠦᠢᠯᠡᠴᠢᠯᠡᠭᠡᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠣᠰ ᠲᠣᠰ ᠤᠨ ᠬᠠᠷᠢᠭᠤᠴᠠᠯᠭ᠎ᠠ ᠪᠠᠨ  ᠭᠦᠢᠴᠡᠳᠭᠡᠵᠦ᠂  ᠬᠠᠮᠳᠤ ᠪᠠᠷ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠵᠠᠰᠠᠯᠲᠠ ᠶᠢᠨ ᠢᠨᠵᠧᠨᠧᠷᠢᠩ ᠢ ᠯᠠᠪᠳᠠᠭᠤᠨ  ᠪᠠᠳᠤᠳᠠᠢ ᠠᠬᠢᠭᠤᠯᠵᠤ᠂ ᠴᠠᠭ ᠤᠨ ᠵᠠᠩᠭᠢᠶᠠᠰᠤ ᠪᠠ ᠠᠬᠢᠯᠲᠠ ᠶᠢᠨ ᠱᠠᠭᠠᠷᠳᠠᠯᠭ᠎ᠠ ᠶᠣᠰᠣᠭᠠᠷ ᠥᠨᠳᠥᠷ ᠪᠦᠲᠦᠮᠵᠢᠲᠡᠶ ᠬᠡᠷᠡᠭᠵᠢᠭᠦᠯᠵᠦ᠂  ᠲᠦᠯᠦᠪᠵᠢᠭᠦᠯᠭᠡ ᠶᠢᠨ ᠲᠥᠷᠥᠯ  ᠵᠤᠶᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠬᠤᠭᠤᠴᠠᠭ᠎ᠠ ᠶᠣᠰᠣᠭᠠᠷ  ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃    ᠬᠤᠷᠠᠯ ᠠᠴᠠ ︽ᠯᠢᠶᠠᠩᠴᠧᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︿ᠤᠯᠤᠰ ᠲᠥᠷᠥ ᠪᠠᠷ ᠴᠠᠭᠳᠠᠭ᠎ᠠ  ᠪᠠᠶᠢᠭᠤᠯᠬᠤ ᠶᠢ ᠪᠠᠷᠢᠮᠲᠠᠯᠠᠬᠤ᠂ ᠴᠠᠭᠳᠠᠭ᠎ᠠ ᠶᠢ ᠪᠥᠬᠦ ᠲᠠᠯ᠎ᠠ ᠪᠠᠷ ᠴᠢᠩᠭ᠎ᠠ ᠵᠠᠰᠠᠬᠤ﹀ ᠬᠥᠮᠦᠵᠢᠯ  ᠤᠨ ᠴᠡᠭᠴᠡᠯᠡᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠤᠨ ᠬᠤᠯᠪᠣᠭᠳᠠᠯ ᠪᠥᠬᠦᠶ  ᠵᠤᠶᠢᠯᠡᠰ ᠢ   ᠰᠤᠳᠤᠯᠪᠠ᠃ ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠰᠤᠷᠭᠠᠨ ᠬᠥᠮᠦᠵᠢᠯ ᠤᠨ  ᠴᠡᠭᠴᠡᠯᠡᠯᠳᠡ ᠶᠢᠨ ᠲᠤᠷᠰᠢᠯᠲᠠ ᠶᠢᠨ ᠴᠢᠭ ᠤᠨ ᠠᠵᠢᠯ ᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ  ᠡᠭᠦᠷᠭᠡ ᠪᠣᠯᠭᠠᠨ ᠠᠳᠬᠤᠵᠤ᠂ ᠠᠵᠢᠯ ᠤᠨ ᠰᠢᠰᠲ᠋ᠧᠮ ᠢᠶᠠᠨ ᠦᠨᠡᠨᠬᠦ ᠲᠡᠭᠦᠯᠳᠡᠷᠵᠢᠭᠦᠯᠬᠦ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠰᠤᠷᠭᠠᠨ ᠬᠥᠮᠦᠵᠢᠭᠦᠯᠵᠦ ᠴᠡᠭᠴᠡᠯᠡᠬᠦ ᠲᠤᠷᠰᠢᠯᠲᠠ ᠶᠢᠨ ᠠᠵᠢᠯ ᠤᠨ ᠡᠭᠦᠷᠭᠡ ᠪᠠ ᠱᠠᠭᠠᠷᠳᠠᠯᠭ᠎ᠠ ᠶᠢ ᠡᠷᠡᠰ  ᠪᠤᠳᠠᠳᠠᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠢ ᠦᠷᠭᠦᠯᠵᠢᠯᠡᠨ ᠭᠦᠨᠵᠡᠭᠡᠶ  ᠦᠷᠨᠢᠭᠦᠯᠬᠦ ᠶᠢ ᠬᠦᠴᠦᠯᠡᠨ ᠠᠬᠢᠭᠤᠯᠤᠨ᠎ᠠ  ᠭᠡᠪᠡ᠃     ᠬᠤᠷᠠᠯ ᠠᠴᠠ ︽ᠯᠢᠶᠠᠩᠴᠧᠩ ᠰᠢᠶᠠᠨ ᠤ ᠡᠷᠦᠬᠡ ᠶᠢᠨ ᠴᠡᠷᠢᠭ ᠤᠨ ᠬᠠᠷᠠᠭᠠᠯᠵᠠᠯ ᠤᠨ ᠠᠷᠭ᠎ᠠ︾ ᠶᠢᠨ ᠬᠠᠮᠢᠶ᠎ᠠ  ᠪᠦᠬᠦᠢ  ᠵᠤᠶᠢᠯᠡᠰ ᠢ ᠰᠤᠳᠤᠯᠤᠨ ᠶᠠᠷᠢᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠷᠦᠬᠡ ᠶᠢᠨ ᠴᠡᠷᠢᠭ ᠤᠨ ᠬᠠᠷᠠᠭᠠᠯᠵᠠᠯ ᠤᠨ ᠳᠦᠷᠢᠮ  ᠢ ᠲᠡᠭᠦᠯᠳᠡᠷᠵᠢᠭᠦᠯᠵᠦ᠂ ᠡᠷᠦᠬᠡ ᠶᠢᠨ ᠴᠡᠷᠢᠭ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠪᠣᠳᠠᠲᠤ  ᠪᠠᠶᠢᠳᠠᠯ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ᠂ ᠡᠷᠦᠬᠡ ᠶᠢᠨ ᠴᠡᠷᠢᠭ ᠲᠤ ᠡᠩ ᠲᠡᠷᠢᠭᠦᠨ ᠳᠤ ᠦᠢᠯᠡᠴᠢᠯᠡᠭᠡ ᠬᠠᠩᠭᠠᠬᠤ ᠪᠠ ᠬᠠᠷᠠᠭᠠᠯᠵᠠᠯ  ᠦᠵᠡᠭᠦᠯᠵᠦ ᠬᠡᠯᠲᠦᠷᠢᠭᠦᠯᠬᠦ᠂ ᠥᠷᠭᠡᠨ ᠣᠯᠠᠨ ᠡᠷᠦᠬᠡ ᠶᠢᠨ ᠴᠡᠷᠢᠭ ᠤᠨ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠢᠷᠠᠭᠤ  ᠠᠯᠳᠠᠷᠳᠤ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠡᠷᠦᠬᠡ ᠶᠢᠨ ᠴᠡᠷᠢᠭ ᠤᠨ ᠡᠩᠨᠡᠭᠡ ᠶᠢ ᠲᠠᠲᠠᠵᠤ  ᠲᠡᠶᠢᠯᠬᠦ᠂ ᠨᠠᠶᠢᠳᠠᠪᠤᠷᠢᠲᠠᠶ᠂ ᠪᠠᠶᠢᠯᠳᠤᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃     ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠱᠠᠯᠠᠪᠳᠠᠭᠤᠯᠤᠨ ᠵᠢᠯᠣᠭᠤᠳᠴᠤ ︿ᠡᠷᠬᠢᠨ ᠬᠠᠷᠠᠬᠤ﹀ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠲᠥᠰᠦᠯ︾ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠨᠢᠭᠡᠴᠡ ᠨᠦᠭᠦᠳ  ᠲᠡᠭᠡᠳᠦ ᠬᠡᠮᠵᠢᠶᠡᠨ ᠤ ᠤᠯᠤᠰ  ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ᠂ ᠥᠪᠡᠷᠲᠡᠭᠡᠨ ᠵᠠᠰᠠᠬᠤ ᠣᠷᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠬᠢᠨᠠᠨ ᠵᠢᠯᠣᠭᠤᠳᠴᠤ ︽ᠡᠷᠬᠢᠨ ᠬᠠᠷᠠᠬᠤ︾ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂ ᠬᠠᠷᠢᠴᠠᠭᠤᠯᠤᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠂  ᠬᠠᠷᠢᠭᠤᠴᠠᠯᠭᠠᠳᠠᠨ ᠢ ᠨᠠᠶᠢᠳᠠᠪᠤᠷᠢᠵᠢᠭᠤᠯᠵᠤ᠂ ᠬᠠᠷᠢᠭᠤ ᠲᠤᠰᠬᠠᠭᠰᠠᠨ ᠠᠰᠠᠭᠤᠳᠠᠯ ᠨᠢᠭᠡᠪᠦᠷᠢ ᠶᠢ  ᠲᠤᠤᠱᠳᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ  ᠭᠡᠪᠡ᠃     ᠬᠤᠷᠠᠯ ᠠᠴᠠ ᠪᠠᠰᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠭᠢᠮ ᠤᠨ ᠦᠬᠠᠶ ᠬᠤᠲᠠ ᠶᠢᠨ ᠤᠯᠤᠰ ᠲᠥᠷᠥ ᠶᠢᠨ ᠠᠮᠢ ᠠᠬᠤᠶ ᠶᠢᠨ ᠪᠣᠬᠢᠷᠲᠤᠯ ᠤᠨ ᠠᠰᠠᠭᠤᠳᠠᠯ ᠵᠢᠴᠢ ᠰᠤᠷᠭᠠᠮᠵᠢ  ᠰᠡᠷᠡᠮᠵᠢᠯᠭᠡ ᠶᠢᠨ ᠲᠤᠬᠠᠶ ᠮᠡᠳᠡᠭᠡᠯᠡᠯ︾ ᠢ ᠤᠯᠠᠮᠵᠢᠯᠠᠨ ᠰᠤᠷᠤᠯᠴᠠᠪᠠ︔ ᠱᠢ ᠲᠠᠢ  ᠹᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ  ᠵᠢᠴᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ  ᠬᠠᠤᠯᠢ ᠶᠢ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ  ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ ᠲᠤᠰᠬᠠᠶ ᠴᠡᠭᠴᠡᠯᠡᠨ ᠵᠠᠰᠠᠬᠤ ᠠᠵᠢᠯ ᠢ ᠰᠤᠳᠤᠯᠬᠤ ᠳᠠᠭᠠᠨ ᠬᠡᠯᠡᠭᠰᠡᠨ ᠦᠭᠡ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠪᠣᠯᠤᠨ  ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠳᠠᠭ᠎ᠠ ᠶᠢᠨ ᠨᠠᠭᠤᠷ ᠤᠨ ᠬᠠᠮᠠᠭᠠᠯᠠᠯᠲᠠ ᠶᠢᠨ ᠬᠤᠶᠠᠳᠤᠭᠠᠷ ᠱᠠᠲᠤᠨ ᠤ ᠠᠵᠢᠯ ᠤᠨ ᠳ᠋ᠦᠩᠨᠡᠯᠲᠡ ᠵᠢᠴᠢ ᠭᠤᠷᠪᠠᠳᠤᠭᠠᠷ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢᠨ ᠶᠡᠭᠡ ᠬᠤᠷᠠᠯ ᠬᠤᠷᠠᠯᠳᠤᠭᠰᠠᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                 ᠰᠤᠷᠪᠤᠯᠵᠢᠯᠠᠭᠴᠢ  ᠄ ᠴᠧᠨ ᠶᠦᠨ                                 ᠨᠠᠶᠢᠷᠠᠭᠤᠯᠤᠭᠴᠢ᠄ ᠭᠦᠸᠧ ᠬᠤᠩ ᠰᠢᠶᠠ   ᠡᠤ ᠬᠤᠩ ᠰᠢᠶᠠ                                 ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2