ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠲᠤᠭᠤᠶᠢᠯᠠᠩ ᠮᠠᠨ ᠤ ᠰᠢᠶᠠᠨ ᠳᠤ ᠬᠦᠷᠴᠦ  ᠬᠠᠳᠤᠨ ᠭᠤᠤᠯ ᠤᠨ ᠰᠠᠯᠪᠤᠷᠢ ᠤᠷᠤᠰᠬᠠᠯ ᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢᠨ  ᠪᠠᠶᠢᠳᠠᠯ ᠤᠨ ᠲᠤᠬᠠᠶ  ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-08-12
   8 ᠰᠠᠷ᠎ᠠ ᠶᠢᠨ 10 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠤᠨ ᠳᠡᠳ᠋ ᠡᠷᠬᠢᠯᠡᠭᠴᠢ ᠷᠧᠨ ᠸᠧᠶ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ᠂ ᠮᠠᠨ ᠤ ᠰᠢᠶᠠᠨ ᠳᠤ ᠭᠦᠨᠵᠡᠭᠡᠶᠢᠷᠡᠨ ᠬᠠᠳᠤᠨ ᠭᠤᠤᠯ ᠤᠨ ᠰᠠᠯᠪᠤᠷᠢ ᠤᠷᠤᠰᠬᠠᠯ ᠤᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢᠨ  ᠪᠠᠶᠢᠳᠠᠯ ᠤᠨ ᠲᠤᠬᠠᠶ ᠲᠤᠬᠠᠶ ᠶᠢᠨ ᠭᠠᠵᠠᠷ   ᠲᠤᠨᠢ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠤᠤ ᠰᠢᠶᠠ ᠪᠠᠶᠢᠴᠠᠭᠠᠨ ᠰᠤᠳᠤᠯᠤᠯᠲᠠ ᠳᠤ  ᠤᠷᠤᠯᠴᠠᠵᠠᠢ᠃
        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠠᠭ᠎ᠠ ᠶᠢᠨ ᠨᠠᠭᠤᠷ ᠤᠨ ᠵᠤᠭᠠᠴᠠᠯ ᠤᠨ ᠠᠮᠠᠷᠠᠯᠲᠠ ᠶᠢᠨ ᠣᠷᠣᠨ᠂ ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ  ᠢᠨᠵᠧᠨᠧᠷᠢᠩ ᠤᠨ ᠭᠦᠩ ᠪᠠ ᠾᠧ ᠭᠤᠤᠯ ᠤᠨ ᠤᠰᠤ ᠭᠠᠷᠬᠤ ᠠᠮᠠᠰᠠᠷ᠂ ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ  ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ  ᠱᠤᠸ᠋ᠩ ᠭᠦ᠋ ᠴᠧᠩ ᠨᠦᠬᠡᠨ ᠵᠠᠮ ᠤᠨ ᠪᠠᠷᠢᠯᠭ᠎ᠠ ᠶᠢᠨ ᠠᠬᠤᠶ ᠲᠠᠯᠠᠪᠠᠶ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠰᠣᠨᠣᠰᠬᠤ ᠪᠠᠷ ᠳᠠᠮᠵᠢᠭᠤᠯᠤᠨ᠂ ᠮᠠᠨ ᠤ ᠰᠢᠶᠠᠨ ᠤ ᠬᠠᠳᠤᠨ ᠭᠤᠤᠯ ᠤᠨ ᠰᠠᠯᠪᠤᠷᠢ ᠤᠷᠤᠰᠬᠠᠯ ᠤᠨ ᠤᠰᠤᠨ ᠤ ᠡᠬᠢ ᠪᠠᠶᠠᠯᠢᠭ ᠢ ᠬᠠᠮᠠᠭᠠᠯᠠᠵᠤ  ᠠᠰᠢᠭᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠮᠠᠨ ᠤ ᠰᠢᠶᠠᠨ ᠤ ᠡᠨᠡᠬᠦ ᠠᠵᠢᠯ ᠳᠡᠭᠡᠷ᠎ᠡ ᠭᠠᠷᠭᠠᠭᠰᠠᠨ  ᠴᠢᠷᠮᠠᠶᠢᠯᠭ᠎ᠠ ᠶᠢ ᠨᠤᠲᠠᠯᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠱᠠᠭᠠᠷᠳᠠᠯᠭ᠎ᠠ  ᠭᠡᠪᠡᠯ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠬᠦ  ᠬᠡᠷᠡᠭᠳᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯ  ᠬᠢᠬᠦ ᠬᠡᠷᠡᠭᠲᠡᠢ︔ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠪᠣᠳᠠᠲᠠᠶ ᠲᠠᠢ ᠪᠠᠨ ᠤᠶᠠᠯᠳᠤᠭᠤᠯᠤᠨ᠂ ᠠᠵᠠ ᠲᠣᠬᠢᠶᠠᠯ ᠢ  ᠠᠳᠬᠤᠵᠤ᠂ ᠰᠡᠳᠬᠢᠴᠡ ᠪᠠᠨ ᠨᠡᠭᠡᠭᠡᠨ᠂ ᠣᠷᠣᠨ ᠪᠦᠰᠡ ᠶᠢᠨ ᠣᠨᠴᠠᠯᠢᠭ ᠪᠥᠬᠦᠶ ᠲᠠᠷᠢᠶᠠᠯᠠᠩ ᠤᠨ ᠴᠢᠨᠠᠷ ᠰᠠᠶᠢᠲᠠᠶ  ᠬᠦᠭᠵᠢᠯᠳᠡ ᠶᠢᠨ ᠰᠢᠨ᠎ᠡ ᠵᠠᠮ ᠢ ᠢᠳᠡᠪᠬᠢᠲᠡᠶ ᠰᠦᠪᠡᠭᠴᠢᠯᠡᠬᠦ ᠬᠡᠷᠡᠭᠲᠡᠶ︔ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠳᠡᠯᠭᠡᠷᠡᠭᠦᠯᠬᠦ ᠶᠢ ᠨᠡᠮᠡᠭᠳᠡᠭᠦᠯᠵᠦ᠂ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠶ᠃     ᠪᠠᠶᠢᠴᠠᠭᠠᠨ ᠰᠤᠳᠤᠯᠬᠤ ᠳᠤᠭᠤᠶᠢᠯᠠᠩ ᠴᠢᠬᠤᠯᠠᠴᠢᠯᠠᠭᠰᠠᠨ ᠨᠢ᠂ ᠤᠰᠤᠨ ᠤ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠪᠣᠯ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ ᠶᠡᠭᠡ ᠶᠠᠪᠤᠳᠠᠯ ᠪᠣᠯᠬᠤ ᠲᠤᠯᠠ ᠤᠰᠤᠨ ᠤ ᠡᠬᠢ ᠪᠠᠶᠠᠯᠢᠭ ᠢ ᠰᠠᠶᠢᠲᠤᠷ ᠠᠳᠬᠤᠵᠤ ᠰᠠᠶᠢᠲᠤᠷ  ᠠᠰᠢᠭᠯᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠠᠬᠢ ᠣᠷᠣᠭᠤᠯᠤᠯᠲᠠ ᠪᠠᠨ ᠨᠡᠮᠡᠭᠳᠡᠭᠦᠯᠵᠦ᠂ ᠤᠰᠤᠨ ᠳᠡᠭᠡᠷᠡᠬᠢ ᠵᠢᠭᠤᠯᠴᠢᠯᠠᠯ ᠤᠨ ᠶᠡᠭᠡ ᠲᠥᠯᠥᠪᠵᠢᠭᠦᠯᠭᠡ ᠶᠢ  ᠭᠦᠢᠴᠡᠳ ᠬᠢᠬᠦ ᠬᠡᠷᠡᠭᠲᠡᠶ︔ ᠬᠠᠷᠠᠯᠲᠠ ᠪᠠᠨ ᠣᠨᠣᠪᠴᠢᠲᠠᠶ ᠠᠩᠬᠠᠷᠴᠤ᠂ ᠴᠥᠬᠦᠷᠡᠰᠢ ᠦᠭᠡᠢ  ᠪᠠᠶᠢᠬᠤ ᠬᠡᠷᠡᠭᠲᠡᠶ᠂ ᠯᠢᠶᠠᠩᠴᠧᠩ ᠰᠢᠶᠠᠨ ᠤ ᠬᠠᠳᠤᠨ ᠭᠤᠣᠯ ᠤᠨ ᠰᠠᠯᠪᠤᠷᠢ ᠤᠷᠤᠰᠬᠠᠯ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠢ ᠰᠠᠶᠢᠲᠤᠷ ᠬᠢᠵᠦ᠂ ᠣᠷᠴᠢᠨ ᠲᠣᠭᠤᠷᠢᠨ  ᠢ ᠨᠠᠩ ᠰᠠᠶᠢᠨ ᠰᠠᠶᠢᠬᠠᠨ᠂ ᠠᠵᠤ ᠠᠬᠤᠢ ᠶᠢ ᠨᠠᠩ  ᠬᠦᠭᠵᠢᠭᠦᠯᠦᠨ᠂ ᠠᠷᠠᠳ ᠲᠦᠮᠡᠨ ᠢ ᠨᠠᠩ ᠴᠢᠨᠡᠭᠡᠯᠢᠭᠵᠢᠭᠦᠯᠵᠦ᠂ ᠨᠡᠶᠢᠭᠡᠮ ᠢ ᠨᠠᠩ ᠡᠶ᠎ᠡ ᠵᠣᠬᠢᠴᠠᠯ ᠲᠠᠢ ᠪᠣᠯᠭᠠᠬᠤ ᠪᠠᠷ  ᠴᠢᠷᠮᠠᠶᠢᠨ᠎ᠠ᠃                        ᠰᠤᠷᠪᠤᠯᠵᠢᠯᠠᠭᠴᠢ᠄  ᠱᠠᠩ ᠶᠦᠨ ᠰᠢᠶᠠ    ᠴᠧᠨ ᠢᠦᠶ                        ᠨᠠᠶᠢᠷᠠᠭᠤᠯᠤᠭᠴᠢ᠄  ᠭᠦᠸᠧ ᠬᠤᠩ ᠰᠢᠶᠠ  ᠡᠤ ᠬᠤᠩ ᠰᠢᠶᠠ                        ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2