ᠳ᠋ᠠᠶ ᠵᠧᠤ ᠶᠣᠣ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠠᠩ ᠰᠢᠨ ᠢ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2020-08-13
    2016 ᠣᠨ ᠳᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠵᠠᠩ ᠰᠢᠨ ᠢ ᠵᠣᠬᠢᠶᠠᠨ ᠪᠠᠶᠢᠭᠤᠯᠤᠯᠲᠠ ᠶᠢᠨ ᠲᠣᠮᠢᠯᠠᠯᠲᠠ ᠪᠠᠷ  ᠮᠠᠩᠬᠠᠨ  ᠪᠠᠯᠭᠠᠰᠤᠨ ᠤ ᠳ᠋ᠠᠢ ᠵᠧᠦ ᠶᠣᠣ ᠵᠠᠰᠠᠭ ᠵᠠᠬᠢᠷᠭᠠᠨ ᠤ ᠲᠣᠰᠬᠤᠨ ᠳᠤ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠪᠡ᠃ ᠲᠡᠷᠡ ᠲᠤᠰᠢᠶᠠᠯ ᠳᠤ ᠭᠠᠷᠤᠮᠠᠭᠴᠠ ᠨᠢᠭᠡ ᠯᠡ ᠰᠡᠳᠬᠢᠯ ᠢᠶᠠᠷ ᠲᠣᠰᠬᠤᠨ ᠳᠤ ᠣᠷᠣᠵᠤ᠂ ᠪᠥᠬᠦ ᠲᠣᠰᠬᠤᠨ ᠤ 104 ᠡᠷᠦᠬᠡ ᠪᠠᠶᠢᠩᠭᠤ ᠰᠠᠭᠤᠭ᠎ᠠ ᠡᠷᠦᠬᠡ ᠶᠢ ᠡᠷᠦᠬᠡ ᠳᠠᠷᠠᠭᠠᠯᠠᠨ ᠪᠦᠬᠦᠨ ᠢ ᠬᠠᠮᠤᠷᠴᠤ ᠰᠤᠷᠪᠤᠯᠵᠢᠯᠠᠵᠤ᠂ ᠶᠠᠳᠠᠭᠤ ᠬᠦᠴᠢᠷᠳᠡᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠣᠶᠢᠯᠠᠭᠠᠪᠠ᠃ ᠨᠢᠭᠡ ᠤᠳᠠᠭ᠎ᠠ ᠰᠤᠷᠪᠤᠯᠵᠢᠯᠠᠵᠤ ᠢᠷᠡᠭᠡᠳ᠂ ᠲᠡᠷᠡ ᠪᠦᠬᠦ ᠲᠣᠰᠬᠤᠨ ᠤ ᠶᠠᠳᠠᠭᠤ ᠬᠦᠴᠢᠷᠳᠡᠯ ᠤᠨ ᠪᠠᠶᠢᠳᠠᠯ ᠢ ᠨᠠᠷᠢᠨ ᠣᠶᠢᠯᠠᠭᠠᠵᠤ᠂ ᠪᠦᠬᠦ ᠲᠣᠰᠬᠤᠨ ᠳᠤ ᠬᠡᠳᠦᠢ ᠶᠠᠳᠠᠭᠤ ᠬᠦᠴᠢᠷᠳᠡᠯᠲᠡᠢ ᠡᠷᠦᠬᠡ ᠲᠠᠢ᠂ ᠶᠠᠳᠠᠭᠤᠷᠠᠭᠰᠠᠨ ᠰᠢᠯᠲᠠᠭᠠᠨ ᠨᠢ ᠶᠠᠭᠤ ᠪᠤᠢ᠂ ᠶᠠᠳᠠᠭᠤ ᠬᠦᠴᠢᠷᠳᠡᠯ ᠤᠨ  ᠬᠡᠮᠵᠢᠶ᠎ᠡ ᠨᠢ ᠶᠠᠮᠠᠷ ᠵᠡᠷᠭᠡ ᠪᠤᠢ᠃ ᠲᠡᠷᠡ ᠪᠦᠷ ᠭᠠᠷ ᠤᠨ ᠠᠯᠠᠭ᠎ᠠ ᠪᠠᠨ ᠰᠢᠭ᠋ ᠰᠠᠶᠢᠨ  ᠤᠶᠢᠯᠠᠭᠠᠨ᠎ᠠ᠃ ᠵᠠᠯᠭᠠᠭᠠᠳ᠂ ᠲᠡᠷᠡ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢ ᠳᠠᠭᠠᠭᠤᠯᠤᠨ᠂ ᠪᠦᠬᠦ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ  ᠬᠢᠨᠠᠮᠠᠭᠠᠢ ᠡᠮᠬᠢᠯᠡᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠲᠣᠭᠲᠠᠭᠠᠵᠠᠶ᠃ ᠬᠠᠪᠰᠤᠷᠤᠨ ᠲᠡᠳᠬᠦᠬᠦ ᠠᠵᠢᠯ ᠢ ᠬᠠᠷᠠᠯᠲᠠ ᠲᠠᠢ ᠪᠠᠷ ᠰᠤᠮᠤ ᠬᠠᠷᠪᠤᠵᠤ᠂ ᠬᠠᠨᠳᠤᠯᠭᠠᠲᠤ ᠴᠢᠨᠠᠷ ᠲᠠᠢ ᠪᠣᠯᠭᠠᠬᠤ ᠪᠠᠷ ᠴᠢᠷᠮᠠᠶᠢᠨ᠎ᠠ᠃ 2019 ᠣᠨ ᠢᠶᠠᠷ ᠵᠢᠱᠢᠶᠡᠯᠡᠪᠡᠯ᠂ ᠳ᠋ᠠᠶ ᠵᠧᠤ ᠶᠣᠣ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠠᠷᠭ᠎ᠠ ᠪᠣᠳᠣᠯᠭ᠎ᠠ  ᠬᠡᠷᠡᠭᠵᠢᠭᠦᠯᠵᠦ᠂ ᠠᠵᠤ  ᠤᠶᠢᠯᠡᠰ ᠢᠶᠠᠷ ᠶᠠᠳᠠᠭᠤ ᠶᠢ ᠲᠡᠳᠬᠦᠬᠦ ᠳᠤ 79 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠲᠣᠬᠢᠷᠠᠭᠤᠯᠵᠤ᠂ 29 ᠬᠥᠮᠦᠨ ᠢ ᠲᠣᠪᠶᠤᠭ ᠮᠠᠶ᠋ᠢᠭ ᠢᠶᠠᠷ ᠲᠡᠳᠬᠦᠨ ᠳᠡᠮᠵᠢᠵᠦ᠂ 41 ᠬᠥᠮᠦᠨ ᠢ ᠬᠠᠪᠰᠤᠷᠤᠨ ᠰᠢᠶᠠᠨ ᠤ ᠳᠣᠲᠣᠷᠠᠬᠢ  ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠯᠤᠭ᠎ᠠ ᠠᠰᠢᠭ ᠲᠤᠰᠠ ᠶᠢᠨ ᠬᠤᠯᠪᠣᠭᠠᠰᠤ ᠬᠢᠵᠡᠶ᠃
        4 ᠵᠢᠯ ᠭᠠᠷᠤᠶ ᠶᠢᠨ ᠲᠤᠷᠰᠢ᠂ ᠲᠡᠭᠡᠳᠦ ᠱᠠᠲᠤᠨ ᠤ ᠰᠠᠯᠠᠭ᠎ᠠ ᠮᠥᠴᠢᠷ ᠲᠤ ᠬᠦᠷᠴᠦ ᠪᠡᠯᠡ ᠮᠥᠩᠭᠦ ᠴᠤᠭᠯᠠᠭᠤᠯᠵᠤ᠂ ᠲᠥᠷᠥᠯ ᠵᠦᠢᠯ ᠠᠪᠴᠤ᠂ ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠨ ᠬᠡᠦᠬᠡᠳ ᠲᠤ ᠨᠥᠬᠦᠪᠥᠷᠢ ᠭᠤᠶᠤᠴᠢᠯᠠᠵᠤ᠂ ᠲᠣᠰᠬᠤᠨ ᠤ ᠰᠠᠭᠤᠷᠢ  ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠵᠥᠷᠢᠴᠡᠯ ᠵᠢᠭᠤᠷᠠᠭᠠᠨ  ᠢ ᠨᠠᠮᠳᠠᠭᠤᠯᠪᠠ ᠁ ᠵᠠᠩ ᠰᠢᠨ ᠢ ᠶᠢᠨ ᠨᠢᠭᠡ ᠡᠳᠦᠷ ᠨᠢ ᠶᠡᠷᠦ ᠳᠡᠭᠡᠨ ᠲᠣᠰᠬᠤᠨ ᠤ ᠠᠷᠠᠳ ᠲᠤ ᠠᠶᠢᠯᠴᠢᠯᠠᠬᠤ᠂ ᠲᠣᠰᠬᠤᠨ ᠤ ᠠᠷᠠᠳ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠥᠩᠭᠡᠷᠡᠳᠡᠭ᠃ ᠲᠡᠷᠡ᠄ ︽ᠭᠠᠭᠴᠠ ᠬᠦ ᠣᠯᠠᠨ ᠲᠦᠮᠡᠨ ᠲᠠᠢ ᠠᠭᠤᠰᠤᠯᠴᠠᠪᠠᠯ ᠰᠠᠶ᠋ᠢ ᠠᠰᠠᠭᠤᠳᠠᠯ ᠢ ᠦᠨᠡᠨ ᠬᠦ  ᠰᠢᠢᠳᠪᠤᠷᠢᠯᠡᠵᠦ  ᠴᠢᠳᠠᠨ᠎ᠠ  ︾ ᠭᠡᠪᠡ᠃     ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠠᠰᠠᠷᠠᠮᠵᠢ ᠣᠯᠭᠤᠬᠤ ᠪᠣᠯ ᠶᠠᠳᠠᠭᠤ ᠶᠢ ᠲᠡᠳᠬᠦᠬᠦ ᠺᠠᠳ᠋ᠷᠴᠤᠳ ᠤᠨ  ᠲᠡᠷᠢᠭᠦᠨ ᠴᠢᠬᠤᠯᠠ ᠶᠠᠪᠤᠳᠠᠯ ᠪᠣᠯᠤᠨ᠎ᠠ᠂ ᠲᠣᠰᠬᠤᠨ ᠤ ᠠᠷᠠᠳ ᠤᠨ ᠲᠥᠯᠥᠭᠡ ᠦᠨᠡᠨ ᠰᠡᠳᠬᠢᠯ ᠠᠴᠠ ᠪᠠᠨ ᠠᠵᠢᠯ ᠬᠢᠳᠡᠭ ᠯᠡ ᠶᠤᠮ ᠪᠣᠯ ᠲᠣᠰᠬᠤᠨ ᠤ ᠠᠷᠠᠳ ᠪᠤᠯᠤᠨ ᠶᠠᠳᠠᠭᠤ ᠶᠢ ᠲᠡᠳᠬᠦᠬᠦ ᠺᠠᠳ᠋ᠷ ᠤᠨ ᠰᠡᠳᠬᠢᠯ ᠨᠡᠩ ᠣᠶᠢᠷ᠎ᠠ ᠪᠣᠯᠬᠤ ᠶᠤᠮ᠃ ᠤᠳᠤ ᠵᠠᠩ ᠰᠢᠨ ᠢ ᠲᠣᠰᠬᠤᠨ ᠳᠤ ᠣᠷᠣᠮᠠᠭᠴᠠ᠂ ᠲᠠᠶᠢᠵᠧᠦ ᠶᠣᠣ ᠲᠣᠰᠬᠤᠨ ᠤ ᠠᠷᠠᠳ ᠪᠦᠷ ᠬᠠᠯᠠᠭᠤᠮᠰᠤᠭ ᠢᠶᠠᠷ  ᠦᠭᠡ ᠶᠠᠷᠢᠨ᠎ᠠ᠃
         ᠶᠠᠷᠢᠯᠴᠠᠭᠠᠨ ᠤ ᠳᠤᠮᠳᠠ᠂ ᠨᠠᠰᠤᠳᠠᠶᠢᠴᠤᠳ ᠤᠨ ᠪᠡᠶ᠎ᠡ ᠶᠢᠨ ᠪᠠᠶᠢᠴᠠᠭᠠᠯᠲᠠ ᠳᠠᠭᠤᠰᠴᠠᠢ᠃ ᠵᠠᠩ ᠰᠢᠨ ᠢ ᠰᠡᠩᠳᠡ ᠮᠡᠩᠳᠡ  ᠲᠠᠭᠠᠭᠠᠴᠢᠯᠠᠨ ᠲᠡᠳᠭᠦᠬᠦ ᠡᠷᠦᠬᠡ  ᠰᠢᠶᠧ ᠶᠤᠸᠠᠨ ᡁᠢ ᠶᠢᠨ ᠭᠡᠷ ᠲᠤ ᠬᠦᠷᠴᠦ᠂ ᠰᠢᠶᠤ ᠶᠤᠸᠠᠨ ᡁᠢ ᠦᠬᠡᠷ ᠬᠤᠳᠠᠯᠳᠤᠬᠤ ᠰᠠᠨᠠᠭ᠎ᠠ ᠲᠠᠢ᠂ ᠲᠡᠷᠡ ᠶᠠᠭᠠᠷᠠᠨ ᠣᠴᠢᠵᠤ ᠰᠤᠳᠠᠯ ᠢ ᠨᠢ ᠪᠠᠷᠢᠵᠤ᠂ ᠦᠬᠡᠷ ᠫᠠᠨᠽᠠᠯᠠᠭᠴᠢ ᠳᠤ ᠪᠢᠲᠡᠭᠡᠢ ᠵᠠᠪᠰᠢᠶᠠᠨ ᠣᠯᠭᠤᠵᠠᠢ᠃  ᠰᠢᠶᠧ ᠶᠤᠸᠠᠨ ᡁᠢ ᠪᠣᠯ ᠲᠡᠵᠢᠭᠡᠨ ᠦᠷᠡᠵᠢᠭᠦᠯᠬᠦ ᠳᠤ ᠲᠦᠰᠢᠭᠯᠡᠨ ᠶᠠᠳᠠᠭᠤ ᠠᠴᠠ ᠠᠩᠭᠢᠵᠢᠷᠠᠭᠰᠠᠨ ᠶᠤᠮ᠂ ᠲᠡᠵᠢᠭᠡᠨ ᠦᠷᠡᠵᠢᠭᠦᠯᠬᠦ ᠶᠢ ᠬᠠᠮᠤᠭ ᠠᠴᠠ ᠲᠦᠷᠦᠭᠦᠦ ᠡᠬᠢᠯᠡᠨ ᠳᠡᠯᠭᠡᠷᠡᠭᠦᠯᠵᠦ ᠶᠠᠳᠠᠭᠤ ᠠᠴᠠ ᠠᠩᠭᠢᠵᠢᠷᠠᠭᠤᠯᠬᠤ ᠦᠶ᠎ᠡ  ᠳᠤ᠂ ᠵᠠᠩ ᠰᠢᠨ ᠢ ᠲᠣᠰᠬᠤᠨ ᠤ ᠬᠤᠶᠠᠷ ᠵᠥᠪᠯᠡᠯ ᠤᠨ ᠺᠠᠳ᠋ᠷ ᠢ ᠳᠠᠭᠠᠭᠤᠯᠤᠨ᠂ ᠡᠷᠦᠬᠡ ᠳᠠᠷᠠᠭᠠᠯᠠᠨ ᠠᠵᠢᠯ  ᠬᠢᠯ᠎ᠡ᠃ ᠲᠣᠰᠬᠤᠨ ᠤ ᠠᠷᠠᠳ ᠪᠦᠷ ᠲᠡᠶᠢᠮᠦ ᠰᠣᠨᠢᠷᠬᠠᠯ ᠦᠭᠡᠢ᠃ ᠰᠢᠶᠧ ᠶᠤᠸᠠᠨ ᡁᠢ ᠠᠰᠢᠭ ᠣᠷᠣᠯᠭ᠎ᠠ ᠣᠯᠤᠭᠰᠠᠨ ᠤ ᠳᠠᠷᠠᠭ᠎ᠠ ᠲᠣᠰᠬᠤᠨ ᠤ ᠠᠷᠠᠳ ᠴᠤ ᠰᠡᠳᠬᠢᠯ ᠬᠥᠳᠡᠯᠵᠡᠶ᠃ ᠵᠠᠩ ᠰᠢᠨ ᠢ ᠳᠠᠷᠦ᠋ᠢᠬᠠᠨ ᠲᠣᠬᠢᠶᠠᠯ ᠢ ᠠᠳᠬᠤᠵᠤ ᠲᠣᠰᠬᠤᠨ ᠤ ᠠᠷᠠᠳ ᠢ ᠳᠠᠶᠢᠴᠢᠯᠠᠨ ᠬᠥᠳᠡᠯᠦᠯᠴᠡᠵᠡᠶ᠃ ᠲᠣᠰᠬᠤᠨ ᠳᠤ ᠰᠠᠭᠤᠭ᠎ᠠ ᠺᠠᠳ᠋ᠷ ᠤᠨ ᠳᠠᠭᠠᠭᠤᠯᠭ᠎ᠠ ᠳᠣᠣᠷ᠎ᠠ᠂ ᠨᠤᠲᠤᠭ ᠤᠨ ᠠᠬ᠎ᠠ ᠳᠡᠭᠦᠦ ᠨᠡᠷ ᠤᠨ ᠲᠣᠯᠣᠭᠠᠶ  ᠳᠠᠬᠢ ︽ᠪᠢᠰᠢ ᠪᠣᠯ︾ ᠠᠭᠠᠵᠢᠮ ᠢᠶᠠᠷ ︽ᠪᠢ ᠠᠪᠬᠤ︾ ᠪᠣᠯᠵᠤ ᠬᠤᠪᠢᠷᠠᠪᠠ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠵᠠᠮ ᠳᠡᠭᠡᠷ᠎ᠡ ᠰᠠᠨᠠᠭᠠᠴᠢᠯᠠᠭ᠎ᠠ ᠠᠴᠠ ᠪᠠᠨ ᠠᠯᠬᠤᠭ᠎ᠠ ᠪᠠᠨ  ᠨᠡᠬᠡᠬᠡᠵᠦ᠂ ᠮᠥᠷᠥ ᠪᠠᠨ ᠰᠠᠯᠭᠠᠪᠠ᠃ ᠵᠠᠩ ᠡᠷᠬᠢᠯᠡᠭᠴᠢ  ᠨᠠᠮᠠᠶᠢ ᠬᠠᠪᠰᠤᠷᠤᠨ ᠳᠡᠮᠵᠢᠭᠰᠡᠨ ᠤ ᠳᠠᠷᠠᠭ᠎ᠠ᠂  ᠦᠬᠡᠷ ᠬᠤᠨᠢ ᠠᠪᠴᠤ᠂ ᠪᠠᠰᠠ ᠨᠠᠳᠠ ᠳᠤ ᠨᠥᠬᠦᠪᠥᠷᠢ ᠵᠣᠭᠤᠰ ᠭᠤᠶᠤᠴᠢᠯᠠᠪᠠ᠂ ᠬᠡᠳᠦᠨ ᠵᠢᠯ ᠤᠨ ᠳᠠᠷᠠᠭ᠎ᠠ᠂ ᠪᠢ ᠤᠳᠤ 8 ᠦᠬᠡᠷ ᠲᠡᠵᠢᠭᠡᠵᠡᠢ᠂ ᠪᠠᠰᠠ 20 ᠭᠠᠷᠤᠢ ᠮᠦ ᠲᠠᠷᠢᠶ᠎ᠠ ᠲᠠᠷᠢᠵᠠᠢ᠃ ᠵᠢᠯ ᠪᠦᠷᠢ ᠦᠬᠡᠷ ᠬᠤᠳᠠᠯᠳᠤᠵᠤ᠂ ᠪᠠᠰᠠ ᠵᠢᠭᠠᠬᠠᠨ ᠠᠮᠤ ᠪᠤᠳᠠᠭ᠎ᠠ ᠬᠤᠳᠠᠯᠳᠤᠨ᠎ᠠ ᠭᠡᠵᠦ ᠰᠢᠶᠧ ᠶᠤᠸᠠᠨ ᡁᠢ ᠬᠡᠯᠡᠪᠡ᠃    ᠰᠢᠶᠤ ᠶᠤᠸᠠᠨ ᡁᠢ ᠶᠢᠨ ᠭᠡᠷ ᠠᠴᠠ ᠭᠠᠷᠴᠤ ᠢᠷᠡᠭᠡᠳ ᠵᠠᠩ ᠰᠢᠨ ᠢ ᠪᠠᠰᠠ ᠸᠠᠩ ᠬᠠᠢ ᠶᠢᠩ ᠢ ᠡᠷᠭᠢᠵᠦ ᠦᠵᠡᠬᠦ ᠪᠠᠷ ᠤᠴᠢᠪᠠ᠂ ᠸᠠᠩ ᠬᠠᠢ ᠶᠢᠩ ᠲᠥᠷᠥᠯᠬᠢ ᠬᠡᠦᠬᠡᠳ ᠤᠨ ᠰᠠ ᠡᠪᠡᠳᠴᠢᠨ ᠳᠤ ᠨᠡᠷᠪᠡᠭᠳᠡᠵᠦ᠂ ᠶᠠᠪᠤᠵᠤ ᠰᠠᠭᠤᠬᠤ ᠳᠤ ᠳᠥᠭᠦᠮ ᠦᠭᠡᠢ᠂ ᠵᠠᠩ ᠰᠢᠨ ᠢ ᠦᠷᠭᠦᠯᠵᠢ ᠲᠣᠰᠬᠤᠨ ᠤ ᠬᠤᠶᠠᠷ ᠵᠥᠪᠯᠡᠯ ᠤᠨ ᠺᠠᠳ᠋ᠷ ᠲᠠᠢ  ᠬᠠᠷᠠᠭᠠᠯᠵᠠᠳᠠᠭ᠃ ︽ᠪᠢᠳᠡ ᠲᠣᠰᠬᠤᠨ ᠳᠠᠭᠠᠨ ᠪᠤᠴᠠᠵᠤ ᠢᠷᠡᠭᠰᠡᠨ ᠠᠴᠠ ᠬᠤᠶᠢᠰᠢ᠂ ᠲᠣᠰᠬᠤᠨ ᠤ ᠺᠠᠳ᠋ᠷᠴᠤᠳ ᠴᠥᠮ ᠪᠢᠳᠡᠨ ᠢ ᠶᠡᠭᠡ ᠬᠠᠷᠠᠭᠠᠯᠵᠠᠳᠠᠭ᠃ ᠵᠠᠩ ᠡᠷᠬᠢᠯᠡᠭᠴᠢ ᠲᠣᠰᠬᠤᠨ ᠳᠤ ᠰᠠᠭᠤᠭᠰᠠᠨ ᠤ ᠳᠠᠷᠠᠭ᠎ᠠ᠂ ᠮᠠᠨ ᠤ ᠭᠡᠷ ᠤᠨ ᠪᠠᠶᠢᠳᠠᠯ ᠢ ᠣᠶᠢᠯᠠᠭᠠᠵᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠠᠴᠠ ᠮᠢᠨᠦ ᠡᠵᠢ ᠶᠢᠨ ᠬᠦᠷᠳᠦᠲᠦ ᠰᠠᠨᠳᠠᠯᠢ ᠶᠢ ᠵᠣᠬᠢᠴᠠᠭᠤᠯᠬᠤ ᠪᠠᠷ  ᠢᠳᠡᠪᠬᠢᠳᠡᠢ ᠪᠣᠯᠤᠭᠰᠠᠨ ᠶᠠᠪᠤᠳᠠᠯ ᠨᠢ ᠡᠵᠢ ᠶᠢᠨ ᠡᠳᠦᠷ ᠲᠤᠳᠤᠮ ᠤᠨ ᠠᠮᠢᠳᠤᠷᠠᠯ ᠳᠤ ᠲᠦᠢᠯ ᠤᠨ ᠲᠦᠭᠦᠮ ᠪᠣᠯᠤᠭᠰᠠᠨ ᠪᠠᠶᠢᠨ᠎ᠠ᠃ ᠨᠠᠮ ᠤᠨ ᠲᠦᠷᠦ ᠶᠢᠨ ᠪᠤᠳᠤᠯᠭ᠎ᠠ ᠨᠡᠯᠢᠶᠡᠳ ᠰᠠᠶᠢᠨ᠂ ᠲᠣᠰᠬᠤᠨ ᠤ ᠺᠠᠳ᠋ᠷᠴᠤᠳ ᠴᠤ ᠪᠦᠬᠦ ᠰᠡᠳᠬᠢᠯ ᠪᠦᠬᠦ ᠵᠣᠷᠢᠭ  ᠢᠶᠠᠷ ᠢᠶᠠᠨ ᠴᠢᠷᠮᠠᠶᠢᠵᠤ᠂ ᠤᠯᠠᠨ ᠳᠤ ᠲᠠᠯᠠᠷᠬᠠᠵᠤ ᠪᠠᠶᠢᠨ᠎ᠠ︾ ᠭᠡᠵᠦ ᠸᠠᠩ ᠬᠠᠢ ᠶᠢᠩ ᠤᠨ ᠥᠬᠢᠨ ᠰᠤᠷᠪᠤᠯᠵᠢᠯᠠᠭᠴᠢ ᠳᠤ ᠬᠡᠯᠡᠪᠡ᠃ ᠲᠥᠷᠥᠯ ᠰᠠᠳᠤᠨ ᠢᠶᠠᠨ ᠠᠪᠴᠤ ᠲᠣᠰᠬᠤᠨ ᠳᠤ ᠰᠠᠭᠤᠵᠤ᠂ ᠬᠠᠯᠠᠭᠤᠨ ᠰᠡᠳᠬᠢᠯ ᠢᠶᠠᠷ ᠵᠣᠪᠠᠯᠠᠩ ᠢᠶᠠᠨ  ᠰᠢᠢᠳᠪᠤᠷᠢᠯᠡᠵᠦ᠂ ᠵᠠᠩ ᠰᠢᠨ ᠢ ᠦᠨᠡᠨ ᠰᠡᠳᠬᠢᠯ ᠢᠶᠠᠷ ᠬᠠᠪᠰᠤᠷᠤᠨ ᠲᠡᠳᠬᠦᠵᠦ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ  ᠪᠠᠶᠢᠨ᠎ᠠ᠃    ︽ᠪᠢ 2016 ᠣᠨ ᠳᠤ ᠮᠠᠩᠬᠠᠨ ᠪᠠᠯᠭᠠᠰᠤᠨ ᠤ ᠳ᠋ᠠᠢ ᠵᠧᠦ ᠶᠣᠣ ᠵᠠᠰᠠᠭ ᠵᠠᠬᠢᠷᠭᠠᠨ ᠤ ᠲᠣᠰᠬᠤᠨ ᠳᠤ ᠬᠦᠷᠴᠦ ᠲᠣᠰᠬᠤᠨ ᠲᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠪᠡ᠃ ᠲᠣᠰᠬᠤᠨ ᠳᠤ ᠰᠠᠭᠤᠭᠰᠠᠨ ᠤ ᠳᠠᠷᠠᠭ᠎ᠠ᠂ ᠪᠢ ᠡᠩ ᠲᠡᠷᠢᠭᠦᠨ ᠳᠤ ᠲᠤᠬᠠᠶ ᠶᠢᠨ ᠭᠠᠵᠠᠷ ᠤᠨ ᠪᠣᠶ ᠪᠥᠬᠦᠶ ᠪᠠᠶᠢᠩᠭᠤ ᠰᠠᠭᠤᠭ᠎ᠠ ᠡᠷᠦᠬᠡ᠂ ᠶᠠᠳᠠᠭᠤ  ᠬᠦᠴᠢᠷᠳᠡᠯᠳᠡᠢ ᠡᠷᠦᠬᠡ᠂ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ ᠪᠠ ᠨᠠᠮ ᠤᠨ ᠭᠡᠰᠢᠭᠦᠨ  ᠤ ᠪᠠᠶᠢᠳᠠᠯ ᠢ ᠣᠶᠢᠯᠠᠭᠠᠵᠤ᠂ ᠲᠣᠰᠬᠤᠨ ᠳᠤ ᠰᠠᠭᠤᠬᠤ ᠠᠵᠢᠯ ᠤᠨ ᠲᠥᠯᠥᠪᠯᠡᠭᠡ ᠲᠣᠭᠲᠠᠭᠠᠵᠤ᠂ ᠬᠠᠨᠳᠤᠯᠭ᠎ᠠ ᠲᠠᠢ ᠪᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠪᠦᠬᠦ ᠶᠠᠳᠠᠭᠤ ᠬᠦᠴᠢᠷᠳᠡᠯᠲᠡᠢ ᠡᠷᠦᠬᠡ ᠶᠢ ᠠᠵᠤ ᠦᠢᠯᠡᠰ ᠤᠨ  ᠬᠡᠯᠬᠢᠶ᠎ᠡ ᠳᠤ ᠠᠭᠤᠰᠤᠯᠴᠠᠭᠤᠯᠵᠤ᠂ ᠤᠷᠢᠳ ᠬᠤᠵᠢᠳ 35 ᠡᠷᠦᠬᠡ ᠶᠢᠨ 70 ᠬᠥᠮᠦᠨ ᠢ ᠲᠡᠳᠬᠦᠨ ᠶᠠᠳᠠᠭᠤ ᠠᠴᠠ ᠠᠩᠭᠢᠵᠢᠷᠠᠭᠤᠯᠪᠠ᠃ ᠶᠠᠳᠠᠭᠤ ᠶᠢ ᠲᠡᠳᠬᠦᠬᠦ ᠠᠵᠢᠯ ᠳᠤ ᠪᠠᠭ᠎ᠠ ᠶᠠᠪᠤᠳᠠᠯ ᠭᠡᠵᠦ ᠦᠭᠡᠢ᠂ ᠤᠴᠢᠷ ᠪᠣᠯᠭᠠᠨ ᠠᠷᠠᠳ ᠤᠨ ᠠᠮᠢᠳᠤᠷᠠᠯ ᠳᠤ  ᠬᠤᠯᠪᠤᠭᠳᠠᠵᠤ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠳᠠᠩᠰᠠ ᠡᠪᠬᠡᠮᠡᠯ ᠲᠣᠭᠲᠠᠭᠠᠵᠤ᠂ ᠡᠮᠨᠡᠯᠭᠡ ᠳᠤ ᠰᠠᠭᠤᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠡᠷᠭᠢᠨ ᠦᠵᠡᠵᠦ᠂ ᠬᠡᠷᠡᠭᠴᠡᠭᠡ ᠲᠠᠢ ᠲᠣᠰᠬᠤᠨ ᠤ ᠠᠷᠠᠳ ᠢ ᠬᠠᠪᠰᠤᠷᠴᠤ ᠲᠦᠭᠡᠭᠡᠯ ᠤᠰᠤ ᠤᠭᠰᠠᠷᠠᠭᠤᠯᠵᠤ᠂ ᠬᠦᠷᠳᠦᠲᠦ ᠰᠠᠨᠳᠠᠯᠢ ᠶᠢ  ᠵᠤᠬᠢᠴᠠᠭᠤᠯᠵᠤ ᠂ ᠡᠮ ᠬᠤᠳᠠᠯᠳᠤᠨ ᠠᠪᠴᠤ ᠡᠮ ᠬᠦᠷᠭᠡᠵᠦ᠂ ᠲᠡᠳᠡᠨ ᠤ ᠬᠡᠷᠡᠭᠴᠡᠭᠡ ᠶᠢ ᠮᠠᠨ ᠤ ᠠᠵᠢᠯ ᠤᠨ ᠳᠤᠮᠳᠠ ᠠᠭᠤᠰᠬᠠᠨ ᠣᠷᠣᠭᠤᠯᠤᠨ᠎ᠠ᠃ ᠲᠡᠳᠡᠨ ᠳᠤ ᠨᠠᠮ ᠤᠨ ᠬᠠᠯᠠᠭᠤᠨ ᠳᠤᠯᠠᠭᠠᠨ  ᠢ ᠮᠡᠳᠡᠷᠡᠭᠦᠯᠬᠦ ᠬᠡᠷᠡᠭᠲᠡᠶ᠃ ᠠᠶᠢᠯ ᠡᠷᠦᠬᠡ ᠳᠤ ᠣᠷᠣᠵᠤ  ᠠᠶᠢᠯᠴᠢᠯᠠᠨ ᠰᠤᠷᠪᠤᠯᠵᠢᠯᠠᠵᠤ ᠤᠬᠠᠭᠤᠯᠤᠨ ᠲᠠᠶᠢᠯᠪᠤᠷᠢᠯᠠᠬᠤ ᠠᠵᠢᠯ ᠬᠢᠵᠦ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠮᠡᠳᠡᠭᠦᠯᠵᠦ᠂ ᠲᠥᠷᠥ ᠶᠢᠨ ᠪᠣᠳᠣᠯᠭ᠎ᠠ ᠶᠢ ᠬᠡᠷᠡᠭᠯᠡᠵᠦ ᠴᠢᠳᠠᠬᠤ ᠪᠣᠯᠭᠠᠵᠤ᠂ ᠲᠡᠳᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠳᠤ ᠨᠠᠩ ᠰᠠᠶᠢᠨ ᠳᠡᠮᠵᠢᠯᠭᠡ ᠦᠵᠡᠭᠦᠯᠬᠦ ᠬᠡᠷᠡᠭᠲᠡᠶ᠃ ᠢᠷᠡᠭᠡᠳᠦᠶ ᠳᠤ᠂ ᠪᠢ ᠦᠷᠭᠦᠯᠵᠢᠯᠡᠨ ᠬᠥᠳᠡᠭᠡ ᠲᠣᠰᠬᠤᠨ ᠳᠤ ᠦᠨᠳᠦᠰᠦᠯᠡᠵᠦ᠂ ᠦᠷᠭᠦᠯᠵᠢᠯᠡᠨ ᠰᠡᠳᠬᠢᠯ ᠲᠠᠯᠪᠢᠨ ᠬᠦᠴᠦ ᠪᠠᠨ ᠡᠷᠭᠦᠨ᠎ᠡ᠃ ᠲᠣᠰᠬᠤᠨ ᠤ ᠠᠷᠠᠳ ᠢ ᠳᠠᠭᠠᠭᠤᠯᠤᠨ ᠨᠡᠩ ᠰᠠᠶᠢᠨ ᠰᠠᠶᠢᠬᠠᠨ ᠰᠢᠨ᠎ᠡ ᠠᠮᠢᠳᠤᠷᠠᠯ ᠲᠡᠰᠢ ᠤᠷᠤᠭᠰᠢᠯᠠᠵᠤ᠂ ᠬᠥᠳᠡᠭᠡ  ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠪᠡ᠃ ᠵᠠᠩ ᠰᠢᠨ ᠢ ᠲᠡᠭᠦᠨ ᠤ ᠰᠢᠷᠭᠠᠭᠤ ᠴᠢᠷᠮᠠᠶᠢᠯᠭ᠎ᠠ ᠪᠠᠷ ᠢᠶᠠᠨ ᠲᠣᠰᠬᠤᠨ ᠤ ᠠᠷᠠᠳ ᠤᠨ ᠢᠲᠡᠭᠡᠯ ᠮᠠᠭᠲᠠᠭᠠᠯ ᠢ  ᠤᠯᠤᠭᠰᠠᠨ ᠪᠠᠶᠢᠨ᠎ᠠ᠃    ︽ᠭᠠᠯᠲᠤ ᠲᠡᠷᠭᠡ ᠲᠦᠷᠭᠡᠨ ᠳᠠᠪᠬᠢᠵᠤ ᠪᠠᠶᠢᠭ᠎ᠠ ᠨᠢ ᠴᠥᠮ ᠪᠤᠬ᠎ᠠ ᠲᠡᠷᠭᠡᠨ ᠤ ᠵᠢᠯᠣᠭᠤᠴᠢ ᠳᠤ ᠲᠦᠰᠢᠭᠯᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ ᠨᠢᠭᠡᠳᠦᠭᠡᠷ ᠱᠦᠵᠢ ᠨᠡᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠤᠭ ᠤᠨ ᠡᠮᠦᠨ᠎ᠡ ᠹᠷᠣᠨᠲ  ᠢ ᠪᠠᠲᠤ ᠰᠠᠬᠢᠵᠤ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠶ ᠡᠷᠴᠢ  ᠵᠤᠷᠢᠭ ᠢᠶᠠᠷ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ  ᠴᠢᠨᠡᠭᠡᠯᠢᠭᠵᠢᠵᠦ᠂ ᠶᠠᠭᠠᠷᠠᠯᠲᠠᠶ᠂ ᠬᠤᠪᠢ ᠨᠡᠮᠡᠷᠢ ᠦᠵᠡᠭᠦᠯᠬᠦ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ᠣᠶᠤᠨ ᠰᠠᠨᠠᠭᠠᠨ  ᠤ ᠳᠦᠷᠰᠦ ᠪᠠᠶᠢᠳᠠᠯ ᠢ ᠢᠯᠡᠷᠡᠭᠦᠯᠦᠨ᠎ᠡ᠃
         ᠨᠠᠢᠮᠠᠳᠤᠭᠠᠷ ᠰᠠᠷ᠎ᠠ ᠪᠣᠯ ᠶᠠᠭ ᠰᠠᠶᠢᠬᠠᠨ ᠲᠠᠷᠢᠶ᠎ᠠ ᠤᠷᠭᠤᠬᠤ ᠤᠯᠠᠷᠢᠯ ᠪᠠᠶᠢᠵᠤ᠂ ᠲᠠᠷᠢᠶᠠᠨ ᠬᠦᠪᠡᠭᠡ ᠪᠠᠷ ᠦᠩᠭᠡᠷᠡᠬᠦ ᠳᠤ᠂ ᠡᠷᠳᠡᠨᠢ ᠰᠢᠰᠢ ᠬᠥᠬᠡᠷᠡᠨ  ᠨᠤᠭᠤᠭᠠᠷᠠᠵᠦ ᠪᠠᠶᠢᠬᠤ ᠨᠢ ᠬᠠᠷᠠᠭᠳᠠᠨ᠎ᠠ᠃ ᠦᠵᠡᠬᠦ ᠳᠤ ᠬᠤᠪᠢᠷᠠᠬᠤ ᠦᠭᠡᠢ ᠰᠢᠭ ᠠᠮᠢᠳᠤᠷᠠᠯ ᠳᠤᠮᠳᠠ᠂ ᠳ᠋ᠠᠶ ᠵᠧᠤ ᠶᠣᠣ ᠲᠣᠰᠬᠤᠨ ᠶᠠᠭ ᠠᠭᠠᠵᠢᠮ ᠠᠭᠠᠵᠢᠮ ᠢᠶᠠᠷ ᠡᠭᠦᠰᠦᠭᠰᠡᠨ ᠬᠤᠪᠢᠷᠠᠯᠲᠠ ᠪᠠᠷ ᠥᠪᠡᠷ ᠤᠨ ᠭᠡᠰᠡᠨ ᠲᠩᠷᠢ ᠭᠠᠵᠠᠷ ᠢ ᠨᠡᠭᠡᠭᠡᠵᠦ ᠪᠠᠶᠢᠨ᠎ᠠ᠃ ᠠᠵᠠ ᠵᠠᠪᠰᠢᠶᠠᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠭᠤᠤ ᠶᠡᠭᠡ ᠲᠡᠦᠬᠡᠨ ᠴᠠᠭ ᠮᠥᠴᠡ ᠶᠢ ᠥᠩᠭᠡᠷᠡᠭᠦᠯᠵᠦ᠂ ᠡᠨᠡ ᠪᠣᠯ ᠮᠠᠨ ᠤ ᠡᠨᠡ ᠦᠶ᠎ᠡ ᠶᠢᠨ ᠬᠥᠮᠦᠰ ᠤᠨ ᠵᠣᠯ ᠵᠢᠷᠭᠠᠯ ᠪᠣᠯᠤᠨ᠎ᠠ  ᠭᠡᠵᠦ ᠪᠤᠳᠤᠭᠳᠠᠨ᠎ᠠ᠃                         ᠰᠤᠷᠪᠤᠯᠵᠢᠯᠠᠭᠴᠢ᠄ ᠮᠠ ᠹᠠᠩ                         ᠨᠠᠶᠢᠷᠠᠭᠤᠯᠤᠭᠴᠢ᠄ ᠭᠦᠸᠧ ᠬᠤᠩ ᠰᠢᠶᠠ                                              ᠡᠤ ᠬᠤᠩ ᠰᠢᠶᠠ                         ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2