ᠮᠠᠨ ᠤ  ᠰᠢᠶᠠᠨ ᠳᠥᠷᠪᠡᠨ ᠶᠡᠭᠡ ᠤᠳᠤᠷᠢᠳᠬᠤ ᠪᠠᠭ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-08-02
   7 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠰᠢᠶᠠᠨ ᠤ ᠲᠦᠷᠪᠡᠨ ᠶᠡᠭᠡ ᠤᠳᠤᠷᠢᠳᠬᠤ ᠪᠠᠭ  ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ᠢᠦᠢ ᠳ᠋ᠠᠶ ᠴᠢᠩ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠶᠦᠩ ᠽᠠᠢ ᠵᠡᠷᠭᠡ  ᠲᠦᠷᠪᠡᠨ ᠶᠡᠭᠡ ᠤᠳᠤᠷᠢᠳᠬᠤ ᠪᠠᠭ ᠤᠨ ᠬᠢᠨ  ᠰᠢᠶᠠᠨ ᠳᠠᠭᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃
       ᠬᠤᠷᠠᠯ ᠳᠡᠭᠡᠷ᠎ᠡ᠂ ᠸᠠᠩ ᠸᠧᠨ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠪᠦᠬᠦ ᠰᠢᠶᠠᠨ  ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ  ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠤᠨ  ᠨᠠᠶᠢᠳᠠᠪᠤᠷᠢᠵᠢᠭᠤᠯᠬᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠲᠠᠢ ᠨᠡᠪᠲᠡᠷᠡᠯᠴᠡᠵᠦ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠨᠢᠭᠲᠠ  ᠤᠶᠠᠯᠳᠤᠭᠤᠯᠤᠨ᠂ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠲᠠᠨᠢᠯᠲᠠ ᠶᠢ ᠡᠨᠡ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠬᠦᠴᠦᠨ ᠴᠢᠳᠠᠯ ᠢᠶᠠᠨ ᠪᠥᠬᠦᠳᠡ ᠬᠤᠷᠠᠯ ᠠᠴᠠ ᠲᠣᠭᠲᠠᠭᠠᠭᠰᠠᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠲᠠᠷᠠᠭᠤᠯᠪᠠ᠃ ᠬᠤᠷᠠᠯ ᠤᠨ ᠵᠣᠷᠢᠭ ᠰᠠᠨᠠᠭ᠎ᠠ ᠶᠢ ᠶᠡᠭᠡ ᠪᠠᠷ ᠤᠬᠠᠭᠤᠯᠵᠤ᠂ ᠪᠦᠬᠦ ᠰᠢᠶᠠᠨ ᠳᠤ ᠰᠤᠷᠤᠯᠴᠠᠨ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ ᠭᠡᠪᠡ᠃      ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ ᠮᠠᠨ ᠤ ᠰᠢᠶᠠᠨ ᠤ ᠣᠳᠣᠬᠠᠨ ᠤ ᠠᠵᠢᠯ ᠲᠠᠢ ᠤᠶᠠᠯᠳᠤᠭᠤᠯᠤᠨ᠂ ᠸᠠᠩ  ᠸᠧᠨ ᠴᠢᠬᠤᠯᠠᠴᠢᠯᠠᠭᠰᠠᠨ ᠨᠢ᠂ ᠳᠠᠭ᠎ᠠ ᠶᠢᠨ  ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠡᠷᠡᠰ ᠭᠤᠶᠢᠪᠢᠰᠢ ᠦᠭᠡᠢ ᠠᠳᠬᠤᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠠᠭ᠎ᠠ ᠶᠢᠨ  ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠠᠵᠢᠯ ᠢ  ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠠᠯᠲᠠ ᠪᠠᠨ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠳᠠᠭ᠎ᠠ ᠶᠢᠨ ᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠵᠠᠰᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠬᠠᠮᠲᠤᠪᠠᠷ ᠠᠬᠢᠭᠤᠯᠤᠨ᠎ᠠ᠃ ᠰᠣᠶᠣᠯ ᠵᠢᠭᠤᠯᠴᠢᠯᠠᠯ ᠢᠶᠠᠷ ᠰᠢᠶᠠᠨ ᠢ ᠬᠦᠴᠦᠷᠬᠡᠭᠵᠢᠭᠦᠯᠬᠦ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ  ᠠᠳᠬᠤᠵᠦ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ  ᠢᠳᠡᠪᠬᠢᠳᠠᠢ ᠥᠷᠨᠢᠭᠦᠯᠵᠦ᠂ ᠰᠣᠶᠣᠯ ᠵᠢᠭᠤᠯᠴᠢᠯᠠᠯ ᠤᠨ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠮᠠᠨ ᠤ ᠰᠢᠶᠠᠨ ᠤ ᠰᠣᠶᠣᠯ ᠵᠢᠭᠤᠯᠴᠢᠯᠠᠯ ᠤᠨ ᠠᠵᠤ  ᠤᠶᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠢ ᠡᠷᠡᠰ ᠭᠤᠶᠢᠪᠢᠰᠢ ᠦᠭᠡᠢ ᠪᠠᠲᠤᠯᠠᠨ ᠰᠠᠶᠢᠵᠢᠷᠠᠭᠤᠯᠵᠤ᠂ ᠬᠤᠪᠢ ᠶᠢᠨ ᠰᠤᠷᠭᠠᠭᠤᠯᠢ ᠶᠢ ᠲᠡᠳᠡᠨ ᠣᠷᠣᠭᠤᠯᠬᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ  ᠪᠠᠶᠢᠭᠤᠯᠬᠤ  ᠂ 175 ᠵᠢᠵᠢᠭ ᠲᠣᠭᠤᠷᠢᠭ ᠢ ᠵᠠᠰᠠᠬᠤ᠂ ᠢᠯᠴᠢ ᠴᠠᠬᠢᠯᠭᠠᠨ ᠤ ᠬᠤᠷᠢᠶᠠᠯᠲᠠ ᠶᠢ ᠬᠤᠯᠪᠣᠭᠳᠠᠭᠤᠯᠬᠤ  ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ᠂ 7 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ᠂ ᠠᠬᠠᠮᠠᠳ  ᠺᠠᠳ᠋ᠷ ᠤᠨ ᠠᠵᠢᠯᠯᠠᠭᠠᠨ ᠤ ᠲᠥᠪ ᠤᠨ ᠪᠦᠲᠦᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ  ᠰᠢᠢᠳᠪᠤᠷᠢᠯᠡᠨ᠎ᠡ᠃ ᠦᠨᠡᠨ ᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠤᠶᠢᠯ ᠢ ᠱᠠᠯᠠᠪᠳᠠᠨ ᠪᠣᠳᠠᠲᠠᠶ ᠠᠳᠬᠤᠵᠤ ᠦᠷ᠎ᠡ  ᠪᠦᠳᠦᠮᠵᠢ ᠭᠠᠷᠭᠠᠵᠤ᠂ ᠣᠯᠠᠨ ᠲᠦᠮᠡᠨ ᠳᠤ ᠬᠠᠨᠤᠮᠵᠢᠲᠠᠶ ᠬᠠᠷᠢᠭᠤᠯᠲᠠ ᠥᠭᠬᠦ ᠬᠡᠷᠡᠭᠲᠡᠶ  ᠭᠡᠪᠡ᠃      ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                           ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                           ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2