ᠯᠢᠶᠠᠩᠴᠧᠩ  ᠰᠢᠶᠠᠨ ᠤ ᠪᠣᠣ ᠴᠢᠤᠸᠠᠨ ᠵᠤᠸᠠᠩ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ  ᠭᠦᠸᠧ ᠹᠧᠩ ᠮᠢᠩ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2020/8/24
     ᠭᠦᠸᠧ ᠹᠧᠩ ᠮᠢᠩ᠂ ᠯᠢᠶᠠᠩᠴᠧᠩ ᠤᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠶᠡᠷᠦᠩᠬᠡᠶ ᠡᠭᠦᠷ ᠠᠴᠠ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠪᠣᠣ ᠴᠢᠤᠸᠠᠨ ᠵᠤᠸᠠᠩ  ᠲᠣᠰᠬᠤᠨ  ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠬᠠᠷᠢᠭᠤᠴᠠᠭᠤᠯᠪᠠ᠃ 51 ᠨᠠᠰᠤᠲᠠᠢ ᠲᠡᠷᠡ ᠪᠣᠯ ᠬᠠᠮᠤᠭ ᠡᠷᠲᠡ ᠰᠠᠨᠠᠭᠠᠴᠢᠯᠠᠭ᠎ᠠ ᠠᠴᠠ ᠪᠠᠨ ᠼᠤᠤ ᠨᠢᠶᠠᠨ ᠮᠠᠨᠵᠤ ᠦᠨᠳᠦᠰᠦᠲᠡᠨ ᠤ ᠪᠣᠣ ᠴᠢᠤᠸᠠᠨ ᠵᠤᠸᠠᠩ  ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠬᠤ ᠠᠵᠢᠯ ᠥᠷᠨᠢᠭᠦᠯᠦᠭᠰᠡᠨ  ᠭᠡᠰᠢᠭᠦᠨ ᠪᠣᠯᠤᠨ᠎ᠠ᠃ ᠣᠳᠣ ᠪᠣᠯᠲᠠᠯ᠎ᠠ ᠨᠢᠭᠡᠨᠲᠡ 6 ᠵᠢᠯ ᠪᠣᠯᠵᠤ  ᠪᠠᠶᠢᠨ᠎ᠠ᠃
    ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ‍ᠤᠨ‌‍ᠪᠣᠣ ᠴᠢᠤᠸᠠᠨ ᠵᠤᠸᠠᠩ ᠲᠣᠰᠬᠤᠨ᠂ ᠭᠠᠵᠠᠷ ᠨᠢ ᠪᠤᠶᠢᠳᠠ ᠪᠥᠭᠯᠡᠭᠦᠤ ᠠᠭᠤᠯᠠᠷᠬᠠᠭ ᠣᠷᠣᠨ ᠳᠤ ᠬᠠᠷᠢᠶᠠᠯᠠᠭᠳᠠᠨ᠎ᠠ᠃ ᠵᠠᠮ ᠬᠠᠷᠢᠯᠴᠠᠭ᠎ᠠ ᠳᠥᠭᠦᠮ ᠦᠭᠡᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠤᠴᠣᠷᠤᠩᠭᠤᠢ᠂ ᠪᠦᠬᠦ ᠲᠣᠰᠬᠤᠨ ᠳᠤ ᠨᠡᠶᠢᠲᠡ 514 ᠡᠷᠦᠬᠡ 1403 ᠬᠥᠮᠦᠨ ᠪᠤᠢ᠃ ᠡᠭᠦᠨ ᠳᠤ 40 ᠡᠷᠦᠬᠡ ᠨᠢ ᠶᠠᠳᠠᠭᠤ ᠬᠦᠴᠢᠷᠳᠡᠯᠲᠡᠶ ᠡᠷᠦᠬᠡ᠂ ᠨᠡᠶᠢᠲᠡ 71 ᠬᠥᠮᠦᠨ᠂ ᠣᠯᠠᠩᠬᠢ ᠨᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ  ᠡᠷᠦᠬᠡ ᠶᠢᠨ ᠲᠥᠯᠥᠭᠡ ᠲᠣᠰᠬᠤᠨ ᠤ ᠠᠵᠤ  ᠤᠶᠢᠯᠡᠰ ᠤᠨ ᠬᠥᠭᠵᠢᠯᠲᠡ ᠶᠢ ᠬᠦᠨᠳᠦ ᠨᠣᠴᠢᠲᠠᠶ ᠬᠢᠵᠠᠭᠠᠷᠯᠠᠵᠤ ᠪᠠᠶᠢᠨ᠎ᠠ᠃
      2015 ᠤᠨ ᠤ 9 ᠰᠠᠷ᠎ᠠ ᠠᠴᠠ ᠣᠳᠣ ᠪᠣᠯᠲᠠᠯ᠎ᠠ᠂ ᠭᠦᠸᠧ ᠹᠧᠩ ᠮᠢᠩ ᠯᠢᠶᠠᠩᠴᠧᠩ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠪᠢᠶᠠᠷᠢ ᠲᠣᠪᠴᠢᠶᠠᠨ ᠤ ᠨᠠᠮ ᠤᠨ ᠶᠡᠷᠦᠩᠬᠡᠶ ᠡᠭᠦᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ  ᠲᠤᠬᠢᠷᠠᠭᠤᠯᠤᠯᠳᠡ ᠶᠣᠰᠣᠭᠠᠷ᠂ ᠳᠠᠭᠠᠭᠠᠨ ᠲᠡᠳᠬᠦᠬᠦ ᠬᠥᠮᠦᠰ ᠢ ᠵᠣᠬᠢᠶᠠᠨ ᠪᠠᠶᠢᠭᠤᠯᠤᠨ ᠲᠣᠰᠬᠤᠨ ᠳᠤ ᠢᠷᠡᠭᠦᠯᠵᠦ᠂ ᠠᠷᠠᠳ ᠢᠷᠭᠡᠳ ᠤᠨ ᠲᠥᠯᠥᠭᠡ ᠰᠡᠳᠬᠢᠮᠵᠢ᠂ ᠲᠥᠯᠥᠪᠵᠢᠭᠦᠯᠪᠡ ᠲᠣᠭᠲᠠᠭᠠᠵᠤ᠂ ᠡᠷᠴᠢ ᠵᠣᠷᠢᠭ ᠢᠶᠠᠨ ᠬᠥᠪᠴᠢᠯᠡᠵᠦ᠂ ᠦᠵᠡᠯᠲᠡ ᠪᠠᠨ ᠬᠤᠪᠢᠷᠠᠭᠤᠯᠵᠤ᠂ ᠨᠠᠮ ᠣᠯᠠᠨ ᠲᠦᠮᠡᠨ ᠤ ᠠᠵᠢᠯᠯᠠᠭᠠᠨ ᠤ ᠲᠠᠰᠤᠭ ᠪᠠ ᠰᠣᠶᠣᠯ ᠤᠨ ᠠᠭᠤᠳᠠᠮ ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠶᠡᠷᠦᠩᠬᠡᠶᠢᠯᠡᠭᠰᠡᠨ  ᠤᠶᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ ᠣᠯᠠᠨ ᠲᠦᠮᠡᠨ ᠤ ᠣᠶᠤᠨ ᠤ ᠰᠣᠶᠣᠯ ᠤᠨ  ᠠᠮᠢᠳᠤᠷᠠᠯ ᠢ ᠪᠠᠶᠠᠯᠢᠭᠵᠢᠭᠤᠯᠤᠨ᠎ᠠ᠃ ᠬᠡᠳᠦᠨ ᠵᠢᠯ ᠤᠨ ᠲᠤᠷᠰᠢ᠂ ᠲᠣᠰᠬᠤᠨ ᠤ ᠠᠷᠠᠳ ᠢ ᠬᠠᠪᠰᠤᠷᠴᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠡᠷᠦᠬᠡ ᠳᠤ ᠠᠵᠤ ᠠᠬᠤᠶᠢᠯᠠᠯ ᠤᠨ ᠴᠥᠷᠬᠡᠯᠡᠭᠡ ᠶᠢᠨ ᠠᠰᠢᠭ ᠬᠤᠪᠢᠶᠠᠷᠢᠯᠠᠬᠤ ᠶᠢ  ᠭᠦᠢᠴᠡᠳᠭᠡᠵᠦ᠂ ᠤᠤᠭᠤᠬᠤ ᠤᠰᠤ ᠨᠢ ᠬᠦᠴᠢᠷᠳᠡᠯᠲᠡᠶ ᠲᠠᠷᠢᠶᠠᠴᠢᠨ ᠡᠷᠦᠬᠡ ᠳᠤ ᠮᠠᠰᠢᠨ  ᠴᠡᠬᠢᠯᠭᠠᠨ ᠬᠤᠳᠳᠤᠭ ᠰᠢᠨ᠎ᠡ ᠪᠠᠷ ᠪᠠᠶᠢᠭᠤᠯᠵᠤ ᠦᠭᠪᠡ᠃ ᠢᠯᠠᠩᠭᠤᠶ᠎ᠠ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠨᠠᠮ ᠤᠨ ᠶᠡᠷᠦᠩᠬᠡᠶ ᠡᠭᠦᠷ ᠠᠵᠢᠯ ᠲᠥᠷᠥᠯ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠴᠠᠬᠢᠯᠭᠠᠨ ᠲᠣᠤᠷ ᠲᠣᠬᠢᠷᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠡᠯᠡ ᠮᠥᠩᠭᠦ ᠶᠢ  ᠰᠠᠨᠠᠭᠠᠴᠢᠯᠠᠭ᠎ᠠ ᠠᠴᠠ ᠪᠠᠨ ᠴᠢᠷᠮᠠᠶᠢᠨ ᠣᠯᠵᠤ᠂  ᠪᠣᠣ ᠴᠢᠤᠸᠠᠨ ᠵᠤᠸᠠᠩ ᠲᠣᠰᠬᠤᠨ ᠳᠤ ᠬᠤᠯᠪᠣᠭᠳᠠᠭᠰᠠᠨ ᠨᠤᠷᠠᠬᠤ ᠠᠶᠤᠯᠲᠠᠶ ᠭᠡᠷ  ᠪᠠᠶᠢᠰᠢᠩ ᠢ ᠰᠢᠨᠡᠳᠬᠡᠨ ᠵᠠᠰᠠᠬᠤ ᠡᠷᠦᠬᠡ ᠳᠤ ᠵᠠᠮ ᠱᠤᠭᠤᠮ ᠤᠨ ᠥᠭᠡᠷᠡᠴᠢᠯᠡᠯᠲᠡ ᠬᠢᠵᠦ᠂ ᠬᠠᠭᠤᠴᠢᠨ ᠡᠷᠦᠬᠡ ᠠᠴᠠ ᠪᠠᠭᠤᠬᠤ ᠱᠤᠭᠤᠮ ᠢᠶᠠᠨ ᠰᠣᠯᠢᠵᠤ᠂ ᠳᠣᠤᠷ᠎ᠠ ᠬᠦᠴᠦᠳᠡᠯᠲᠦ ᠱᠤᠭᠤᠮ ᠢ ᠰᠢᠯᠢᠳᠡᠭᠵᠢᠭᠦᠯᠦᠨ᠂ ︽ ᠬᠤᠳᠳᠤᠭ ᠲᠤ ᠴᠠᠬᠢᠯᠭᠠᠨ ᠨᠡᠪᠲᠡᠷᠡᠭᠦᠯᠬᠦ︾ ᠪᠠ ᠬᠥᠳᠡᠯᠭᠡᠬᠦ ᠬᠦᠴᠦᠨ ᠤ ᠴᠠᠬᠢᠯᠭᠠᠨ ᠢ ᠲᠣᠰᠬᠤᠨ ᠠᠶᠢᠯ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ ᠣᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠲᠡᠶ ᠴᠠᠬᠢᠯᠭᠠᠨ ᠬᠦᠴᠦᠨ ᠤ ᠲᠤᠯᠭᠠᠭᠤᠷᠢᠯᠠᠯ  ᠬᠠᠩᠭᠠᠪᠠ᠃ ᠣᠳᠣ ᠪᠣᠯᠲᠠᠯ᠎ᠠ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠠᠶ᠃
     ︽ᠡᠨᠡ ᠬᠡᠳᠦᠨ ᠵᠢᠯ ᠭᠦᠸᠧ ᠱᠦᠵᠢ ᠪᠢᠳᠡᠨ ᠢ ᠢᠮᠠᠭᠲᠠ ᠰᠠᠨᠠᠭᠠᠯᠵᠠᠭᠰᠠᠭᠠᠷ ᠢᠷᠡᠵᠡᠢ᠃ ᠠᠮᠤ ᠪᠤᠳᠠᠭ᠎ᠠ ᠭᠤᠯᠢᠷ ᠪᠤᠳᠠᠭ᠎ᠠ ᠬᠦᠷᠭᠡᠵᠦ ᠲᠣᠰᠣ ᠬᠦᠷᠭᠡᠬᠦ ᠪᠠᠷ ᠪᠠᠷᠠᠬᠤ ᠦᠭᠡᠢ᠂ ᠪᠠᠰᠠ ᠭᠡᠷ ᠪᠠᠶᠢᠰᠢᠩ ᠪᠠ ᠬᠦᠷᠢᠶ᠎ᠡ ᠬᠠᠰᠢᠶ᠎ᠠ ᠪᠠᠷᠢᠵᠤ ᠦᠭᠴᠦ᠂ ᠬᠠᠯᠠᠭᠤᠨ ᠪᠦᠯᠢᠶᠡᠨ ᠢ ᠠᠰᠠᠭᠤᠵᠤ᠂ ᠲᠥᠷᠥᠯ ᠰᠠᠳᠤᠨ ᠠᠴᠠ ᠪᠠᠰᠠ ᠳᠣᠲᠣᠨᠣ᠂ ᠪᠢ ᠡᠨᠡ ᠨᠠᠰᠤᠨ ᠳᠤ ᠬᠦᠷᠴᠢᠬᠡᠭᠡᠳ ᠪᠠᠰᠠ ᠡᠨᠡ ᠵᠣᠯ ᠵᠢᠷᠭᠠᠯᠲᠠᠢ ᠠᠮᠢᠳᠤᠷᠠᠯ ᠢ ᠡᠳ᠋ᠯᠡᠵᠦ ᠴᠢᠳᠠᠨ᠎ᠠ ᠭᠡᠵᠦ ᠪᠣᠳᠣᠵᠤ ᠣᠯᠤᠭᠰᠠᠨ ᠦᠭᠡᠢ︕︾ ᠭᠡᠵᠦ ᠲᠣᠰᠬᠤᠨ ᠤ 77 ᠨᠠᠰᠤᠲᠠᠶ ᠣᠨᠴᠠ ᠬᠦᠴᠢᠷᠳᠡᠯᠲᠡᠶ ᠡᠷᠦᠬᠡ ᠯᠢ ᠰᠢᠤ ᠮᠧᠶ ᠨᠠᠰᠤᠲᠠᠨ ᠬᠡᠯᠡᠪᠡ᠃      ᠶᠠᠳᠠᠭᠤ ᠬᠦᠴᠢᠷᠳᠡᠯᠲᠡᠶ ᠡᠷᠦᠬᠡ ᠭᠦᠸᠧ ᠡᠯ ᠬᠦ ᠨᠠᠰᠤᠲᠠᠨ ᠢᠲᠡᠭᠡᠯ ᠲᠡᠭᠦᠯᠳᠡᠷ ᠲᠠᠢ ᠪᠠᠷ᠄ ︽ᠭᠦᠸᠧ ᠱᠦᠵᠢ ᠪᠣᠯᠤᠨ ᠣᠯᠠᠨ ᠤ ᠬᠠᠪᠰᠤᠷᠤᠯᠭ᠎ᠠ ᠶᠢ ᠣᠯᠵᠠᠶ᠂ ᠡᠨᠡ ᠡᠪᠦᠯ ᠬᠠᠪᠤᠷ ᠬᠤᠷᠠᠭ᠎ᠠ ᠲᠤᠰᠴᠤ᠂ ᠬᠤᠷᠠᠭ᠎ᠠ ᠶᠢᠨ ᠠᠮᠢᠳᠤᠷᠠᠬᠤ ᠨᠣᠷᠮ᠎ᠠ ᠨᠢ ᠮᠠᠰᠢ ᠥᠨᠳᠥᠷ᠂ ᠣᠳᠣ ᠬᠤᠨᠢᠨ ᠮᠢᠬ᠎ᠠ ᠰᠠᠶᠢᠨ ᠦᠨ᠎ᠡ ᠪᠠᠷ ᠬᠤᠳᠠᠯᠳᠤᠵᠤ  ᠪᠠᠶᠢᠨ᠎ᠠ᠃ ᠡᠨᠡ ᠵᠢᠯ ᠡᠷᠳᠡᠨᠢ ᠰᠢᠰᠢ ᠢᠯᠡᠭᠦᠬᠡᠨ ᠲᠠᠷᠢᠬᠤ ᠬᠡᠷᠡᠭᠲᠡᠢ᠂ ᠡᠨᠡ ᠡᠪᠡᠰᠦᠨ ᠲᠡᠵᠢᠭᠡᠯ ᠪᠣᠷᠳᠤᠭ᠎ᠠ ᠶᠢ ᠲᠡᠵᠢᠭᠡᠬᠦ ᠳᠤ ᠴᠦ ᠳᠠᠭᠠᠵᠤ ᠢᠷᠡᠬᠦ ᠬᠡᠷᠡᠭᠲᠡᠶ᠂ ᠬᠤᠵᠢᠮ ᠤᠨ ᠠᠮᠢᠳᠤᠷᠠᠯ ᠲᠠᠭᠠᠨ ᠵᠣᠪᠠᠭ᠋ᠤ ᠬᠡᠷᠡᠭ ᠦᠭᠡᠢ︾ ᠭᠡᠪᠡ᠃ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠡᠭᠦᠷᠭᠡ ᠮᠠᠰᠢ ᠶᠡᠭᠡ᠂ ᠭᠡᠪᠡᠴᠦ ᠣᠯᠠᠨ  ᠢᠶᠠᠷ ᠢᠶᠠᠨ ᠬᠠᠮᠲᠤ ᠪᠠᠷ ᠠᠷᠭ᠎ᠠ ᠪᠣᠳᠣᠵᠤ ᠯᠠ ᠪᠠᠶᠢᠪᠠᠯ᠂ ᠣᠯᠠᠨ ᠲᠦᠮᠡᠨ ᠢ ᠵᠥᠪ ᠣᠨᠣᠪᠴᠢᠲᠠᠶ ᠪᠠᠶᠠᠵᠢᠬᠤ ᠵᠠᠮ ᠢᠶᠠᠷ ᠬᠥᠲᠥᠯᠥᠭᠰᠡᠨ᠂ ᠣᠯᠠᠨ ᠲᠦᠮᠡᠨ ᠤ ᠣᠷᠣᠯᠭ᠎ᠠ  ᠨᠡᠮᠡᠭᠳᠡᠵᠡᠢ᠃ ᠢᠲᠡᠭᠡᠯ ᠵᠣᠷᠢᠭ ᠲᠡᠭᠦᠯᠳᠡᠷ ᠪᠣᠯᠴᠢᠬᠠᠨ᠎ᠠ᠂ ᠵᠠᠪᠠᠯ ᠰᠠᠶᠢᠨ ᠣᠷᠴᠢᠯ ᠲᠠᠢ ᠪᠠᠶᠠᠵᠢᠬᠤ ᠠᠵᠤ ᠦᠢᠯᠡᠰ ᠤᠨ ᠪᠦᠲᠦᠴᠡ ᠶᠢ ᠪᠦᠷᠢᠯᠳᠦᠭᠦᠯᠵᠦ᠂ ᠣᠯᠠᠨ ᠲᠦᠮᠡᠨ ᠪᠠᠶᠠᠵᠢᠳᠠᠭ ᠯᠠ ᠶᠤᠮ ᠪᠣᠯ᠂ ᠨᠠᠳᠠ ᠪᠠᠷ ᠶᠠᠭᠤ ᠬᠢᠯᠭᠡᠭᠰᠡᠨ ᠴᠦ ᠪᠣᠯᠤᠨ᠎ᠠ᠃ ᠲᠡᠳᠡᠨ ᠤ ᠬᠡᠷᠡᠭᠴᠡᠭᠡ ᠪᠣᠯ ᠳᠠᠷᠤᠶ ᠮᠠᠨ ᠤ ᠨᠠᠮ ᠤᠨ ᠭᠡᠰᠢᠭᠦᠨ ᠨᠢᠭᠡᠪᠦᠷᠢ ᠶᠢᠨ ᠬᠢᠪᠡᠰᠦ ᠵᠣᠬᠢᠬᠤ ᠠᠵᠢᠯ ᠮᠥᠨ︕  ︾ ᠭᠡᠵᠦ ᠭᠦᠸᠧ ᠹᠧᠩ ᠮᠢᠩ ᠬᠡᠯᠡᠪᠡ᠃      ᠨᠠᠮ ᠪᠣᠯᠤᠨ ᠤᠯᠤᠰ  ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠬᠤ ᠶᠢᠨ ᠲᠥᠯᠥᠭᠡ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠶᠡᠷᠦᠩᠬᠡᠶ ᠡᠭᠦᠷ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠲᠤᠯᠤᠯᠲᠠ ᠶᠢᠨ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ  ᠲᠦᠷᠦᠭᠦᠯᠡᠨ2 ᠡᠷᠦᠬᠡ ᠶᠢ ᠳᠠᠭᠠᠭᠠᠨ ᠲᠡᠳᠬᠦᠬᠦ᠂ ᠠᠵᠢᠯᠲᠠᠨ ᠠᠵᠢᠯᠴᠢᠨ 1 ᠡᠷᠦᠬᠡ ᠶᠢ ᠳᠠᠭᠠᠭᠠᠨ ᠲᠡᠳᠬᠦᠬᠦ ᠪᠠᠷᠢᠮᠵᠢᠶ᠎ᠠ ᠶᠣᠰᠣᠭᠠᠷ ᠬᠤᠪᠢᠶᠠᠷᠢᠯᠠᠨ  ᠨᠠᠶᠢᠳᠠᠪᠤᠷᠢᠵᠢᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠪᠦᠬᠦ ᠠᠵᠢᠯᠲᠠᠨ ᠣᠷᠣᠯᠴᠠᠵᠤ᠂ ᠪᠦᠬᠦ ᠠᠵᠢᠯᠲᠠᠨ  ᠴᠢᠷᠮᠠᠶᠢᠬᠤ ᠶᠢ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠭᠦᠨᠵᠡᠭᠡᠶᠢᠷᠡᠬᠦ ᠶᠢ ᠳᠠᠭᠠᠯᠳᠤᠨ᠂  ᠬᠤᠪᠢᠶᠠᠷᠢ ᠲᠣᠪᠴᠢᠶ᠎ᠠ ᠶᠢᠨ ᠨᠠᠮ ᠤᠨ ᠶᠡᠷᠦᠩᠬᠡᠶ ᠡᠭᠦᠷ ᠲᠥᠪᠯᠡᠷᠡᠭᠦᠯᠦᠨ ᠳᠠᠭᠠᠭᠠᠨ ᠲᠡᠳᠬᠦᠬᠦ ᠬᠥᠮᠦᠰ ᠢ ᠲᠥᠪᠯᠡᠷᠡᠭᠦᠯᠦᠨ ᠲᠡᠳᠬᠦᠵᠦ᠂ ᠰᠠᠨᠠᠭᠠᠴᠢᠯᠠᠭ᠎ᠠ ᠠᠴᠠ ᠪᠠᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠭᠡᠷ ᠲᠤ ᠭᠦᠨᠵᠡᠭᠡᠶᠢᠷᠡᠨ  ᠠᠶᠢᠯᠴᠢᠯᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠬᠦᠴᠢᠷᠳᠡᠯ ᠢ  ᠰᠢᠢᠳᠪᠤᠷᠢᠯᠡᠵᠦ᠂ ᠲᠡᠳᠡᠨ ᠤ ᠡᠷᠴᠢ ᠵᠣᠷᠢᠭ ᠢᠶᠠᠨ  ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠣᠷᠣᠯᠭ᠎ᠠ ᠪᠠᠨ ᠨᠡᠮᠡᠭᠳᠡᠭᠦᠯᠬᠦ ᠶᠢ  ᠵᠤᠷᠢᠭᠵᠢᠭᠤᠯᠪᠠ᠃    ︽ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠤᠶᠢᠯ ᠳᠤ ᠪᠠᠴᠢᠮᠳᠠᠵᠤ᠂ ᠤᠯᠠᠨ ᠲᠦᠮᠡᠨ ᠤ ᠪᠤᠳᠤᠵᠤ ᠪᠠᠶᠢᠭ᠎ᠠ  ᠵᠤᠶᠢᠯ ᠢ ᠪᠤᠳᠤᠵᠤ᠂ ᠮᠠᠨ ᠤ ᠬᠠᠪᠰᠤᠷᠤᠨ ᠲᠡᠳᠬᠦᠬᠦ ᠠᠵᠢᠯ ᠤᠨ ᠡᠭᠦᠰᠦᠯᠲᠡ ᠪᠠ ᠲᠡᠭᠦᠰᠬᠡᠯ ᠮᠥᠨ︾᠂ ᠡᠨᠡ ᠪᠣᠯ ᠳᠠᠷᠤᠶ ᠭᠦᠸᠧ  ᠹᠧᠩ ᠮᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠪᠰᠤᠷᠤᠨ ᠲᠡᠳᠬᠦᠭᠰᠡᠨ ᠣᠯᠤᠯᠲᠠ ᠪᠣᠯᠤᠨ᠎ᠠ᠃ 6 ᠵᠢᠯ ᠤᠨ ᠲᠤᠷᠰᠢ᠂ ᠲᠡᠷᠡ ᠡᠷᠲᠡᠯᠡᠵᠦ ᠣᠷᠦ᠋ᠢᠯᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠤ ᠭᠡᠷ ᠲᠤ ᠭᠦᠨᠵᠡᠭᠡᠶᠢᠷᠡᠨ ᠲᠠᠷᠢᠶᠠᠨ  ᠭᠠᠵᠠᠷ ᠲᠤ ᠬᠦᠷᠴᠦ ᠪᠠᠶᠢᠴᠠᠭᠠᠨ ᠰᠤᠷᠪᠤᠯᠵᠢᠯᠠᠭᠰᠠᠨ ᠲᠤᠭ᠎ᠠ ᠨᠢ ᠴᠦ ᠲᠣᠳᠣᠷᠬᠠᠢ ᠦᠭᠡᠢ ᠪᠠᠶᠢᠵᠤ᠂ ᠠᠷᠠᠳ ᠤᠨ ᠪᠠᠶᠢᠳᠠᠯ ᠢ ᠰᠠᠶᠢᠨ ᠣᠶᠢᠯᠠᠭᠠᠵᠤ ᠡᠵᠡᠮᠰᠢᠵᠡᠢ᠃ ᠣᠯᠠᠨ ᠲᠦᠮᠡᠨ ᠤ ᠱᠠᠭᠠᠷᠳᠠᠵᠤ ᠪᠠᠶᠢᠭ᠎ᠠ ᠵᠦᠢᠯ ᠢ ᠴᠠᠭ ᠲᠤᠬᠠᠶ ᠳᠤᠨᠢ ᠣᠶᠢᠯᠠᠭᠠᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠶ  ᠨᠠᠶᠢᠳᠠᠪᠤᠷᠢᠵᠢᠭᠤᠯᠬᠤ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠭᠡᠳ  ᠪᠣᠣ ᠴᠢᠤᠸᠠᠨ ᠵᠤᠸᠠᠩ ᠲᠣᠰᠬᠤᠨ ᠤ ᠤᠯᠠᠨ  ᠲᠦᠮᠡᠨ ᠤ ᠮᠠᠭᠲᠠᠭᠠᠯ ᠰᠠᠶᠢᠰᠢᠶᠠᠯ ᠢ ᠤᠯᠪᠠ᠃                      ᠴᠢᠮᠡᠭᠡᠯᠡᠭᠴᠢ  ᠄ ᠱᠠᠩ ᠳ᠋ᠦᠩ ᠫᠢᠩ                      ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                      ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2