ᠮᠠᠨ ᠤ ᠰᠢᠶᠠᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2020-08-03
   7 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠩ ᠮᠤᠤ  ᠪᠠᠯᠭᠠᠰᠤᠨ ᠤ ᠲᠠᠪᠤᠳᠤᠭᠠᠷ ᠳᠠᠪᠬᠤᠷᠯᠢᠭ ᠲᠤ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠦᠶ᠎ᠡ · ᠰᠤᠷᠤᠯᠴᠠᠯᠭ᠎ᠠ ᠪᠠᠷ ᠥᠪᠡᠷ ᠢ ᠪᠠᠨ ᠬᠦᠴᠦᠷᠬᠡᠭᠵᠢᠭᠦᠯᠦᠶ᠎ᠡ︾ ᠭᠡᠬᠦ  ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠮᠡᠳᠡᠯᠭᠡ ᠶᠢᠨ ᠤᠷᠤᠯᠳᠤᠭᠠᠨ ᠶᠠᠪᠤᠭᠤᠯᠵᠤ᠂ ᠡᠯ᠎ᠡ ᠰᠢᠶᠠᠩ  ᠪᠠᠯᠭᠠᠰᠤ ᠵᠢᠴᠢ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ 50 ᠭᠠᠷᠤᠶ  ᠠᠵᠢᠯᠳᠠᠨ ᠤᠷᠤᠯᠳᠤᠭᠠᠨ ᠳᠤ ᠣᠷᠣᠯᠴᠠᠪᠠ᠃
      ᠤᠷᠤᠯᠳᠤᠭᠠᠨ ᠤ ᠠᠬᠤᠶ ᠲᠠᠯᠠᠪᠠᠶ ᠶᠢᠨ ᠠᠭᠤᠷ ᠠᠮᠢᠰᠬᠤᠯ ᠬᠤᠷᠴᠠ ᠰᠢᠷᠦᠭᠦᠨ ᠪᠠᠶᠢᠵᠤ᠂ ᠤᠷᠤᠯᠴᠠᠭᠰᠠᠳ ︽ᠰᠤᠷᠤᠯᠴᠠᠯᠭ᠎ᠠ ᠶᠢᠨ ᠬᠦᠴᠦᠷᠬᠡᠭ ᠤᠯᠤᠰ︾ APP ᠳᠡᠭᠡᠷ᠎ᠡ ᠵᠡᠷᠭᠡ ᠪᠠᠷ ᠰᠡᠳᠦᠪ ᠬᠠᠷᠢᠭᠤᠯᠵᠤ ᠡᠬᠢᠯᠡᠪᠡ᠃ ᠲᠣᠭᠲᠠᠭᠰᠠᠨ ᠬᠤᠭᠤᠴᠠᠭᠠᠨ ᠳᠣᠲᠣᠷ᠎ᠠ᠂ ᠳᠠᠬᠢᠨ ᠠᠮᠢᠯᠠᠭᠤᠯᠵᠤ᠂ ᠳᠠᠬᠢᠨ ᠳᠠᠪᠲᠠᠨ ᠰᠡᠳᠦᠪ ᠬᠠᠷᠢᠭᠤᠯᠵᠤ ᠪᠣᠯᠤᠨ᠎ᠠ᠂ ᠤᠳᠠᠭ᠎ᠠ ᠪᠦᠷᠢ ᠶᠢᠨ ᠥᠷᠢᠰᠥᠯᠳᠦᠭᠡᠨ ᠳᠠᠭᠤᠰᠴᠤ᠂ ᠵᠢᠷᠤᠭ ᠲᠠᠰᠤᠯᠵᠤ ᠬᠠᠳᠠᠭᠠᠯᠠᠵᠤ᠂ ᠰᠢᠯᠭᠠᠯᠲᠠ ᠶᠢᠨ ᠰᠡᠳᠦᠪ ᠢ ᠬᠠᠮᠤᠭ ᠤᠨ ᠣᠯᠠᠨ ᠬᠠᠷᠢᠭᠤᠯᠤᠭᠰᠠᠨ ᠨᠢᠭᠡ ᠤᠳᠠᠭ᠎ᠠ ᠪᠠᠷ ᠪᠠᠷᠢᠮᠵᠢᠶ᠎ᠠ ᠪᠣᠯᠭᠠᠨ ᠰᠢᠯᠢᠨ ᠰᠣᠩᠭᠤᠨ᠎ᠠ᠃ ᠪᠦᠬᠦ ᠤᠷᠤᠯᠳᠤᠭᠠᠨ ᠤ ᠶᠠᠪᠤᠴᠠ ᠨᠢ ᠡᠷᠬᠡ ᠲᠡᠭᠰᠢ ᠲᠥᠪ ᠭᠤᠣᠯᠴᠢ᠂ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ ᠂ ᠪᠣᠢ ᠪᠦᠬᠦᠢ ᠤᠷᠤᠯᠳᠤᠭᠠᠨ ᠳᠤ ᠣᠷᠣᠯᠴᠠᠭᠰᠠᠳ ᠴᠥᠮ ᠨᠡᠯᠢᠶᠡᠳ ᠥᠨᠳᠥᠷ ᠤᠯᠤᠰ ᠲᠥᠷᠥ ᠶᠢᠨ ᠣᠨᠣᠯ ᠤᠨ ᠬᠡᠪ ᠴᠢᠨᠠᠷ ᠪᠠ ᠤᠷᠤᠯᠳᠤᠭᠠᠨ ᠤ ᠬᠢᠷᠢ ᠲᠦᠪᠰᠢᠨ ᠢ ᠢᠯᠡᠷᠡᠭᠦᠯᠦᠭᠰᠡᠨ ᠪᠠᠶᠢᠨ᠎ᠠ᠃ ᠴᠠᠭ ᠬᠠᠭᠠᠰ ᠤᠨ ᠰᠢᠷᠦᠭᠦᠨ ᠲᠡᠮᠡᠴᠡᠭᠡᠨ ᠢᠶᠠᠷ ᠡᠴᠦᠰ ᠲᠡᠭᠡᠨ ᠶᠦᠩ ᠰᠢᠩ ᠪᠠᠯᠭᠠᠰᠤᠨ ᠤ ᠱᠦᠢ ᠰᠢᠶᠤᠤ ᠵᠢᠶᠦ᠋ᠨ ᠪᠣᠯᠤᠨ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠶᠠᠩ ᠵᠧᠨ ᠭᠦᠸᠧ ᠴᠣᠯᠭᠤᠷᠠᠨ ᠭᠠᠷᠴᠤ᠂ ᠲᠤᠰ ᠲᠤᠰ 1107 ᠰᠡᠳᠦᠪ ᠪᠣᠯᠤᠨ 1105 ᠰᠡᠳᠦᠪ ᠤᠨ ᠬᠢᠷᠢ ᠪᠦᠲᠦᠮᠵᠢ  ᠶᠢ ᠤᠯᠵᠠᠢ᠃ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠲᠦᠷᠦᠭᠦᠦ ᠠᠷᠪᠠᠨ  ᠬᠦᠮᠦᠨ ᠢ ᠱᠠᠩᠨᠠᠨ ᠬᠥᠬᠢᠭᠦᠯᠪᠡ᠂ ᠲᠡᠳᠡᠨ ᠢ ᠦᠷᠭᠦᠯᠵᠢᠯᠡᠨ ᠰᠢᠯᠢᠨ ᠰᠣᠩᠭᠤᠵᠤ᠂ ᠮᠠᠨ ᠤ ᠰᠢᠶᠠᠨ ᠢ ᠲᠥᠯᠥᠭᠡᠯᠡᠨ ᠪᠥᠬᠦ ᠬᠤᠲᠠ ᠶᠢᠨ ︽ᠰᠤᠷᠤᠯᠴᠠᠯᠭ᠎ᠠ  ᠶᠢᠨ ᠬᠦᠴᠦᠷᠬᠡᠭ ᠤᠯᠤᠰ︾ ᠤᠨ ᠮᠡᠳᠡᠯᠭᠡ ᠶᠢᠨ ᠤᠷᠤᠯᠳᠤᠭᠠᠨ ᠳᠤ ᠣᠷᠣᠯᠴᠠᠨ᠎ᠠ᠃  
     ᠡᠨᠡ ᠤᠳᠠᠭᠠᠨ ᠤ ᠤᠷᠤᠯᠳᠤᠭᠠᠨ ᠤ ᠠᠵᠢᠯᠯᠠᠭ᠎ᠠ ᠳᠤ᠂ ᠰᠤᠷᠤᠯᠴᠠᠬᠤ ᠦᠷ᠎ᠡ ᠪᠦᠲᠦᠭᠡᠯ ᠢ ᠨᠢᠭᠡ ᠤᠳᠠᠭᠠᠨ ᠤ ᠲᠥᠪᠯᠡᠷᠡᠭᠦᠯᠦᠨ ᠰᠢᠯᠭᠠᠬᠤ ᠪᠠ ᠬᠡᠷᠡᠭᠯᠡᠬᠦ ᠶᠠᠪᠤᠳᠠᠯ ᠪᠣᠯ ᠮᠠᠨ ᠤ ᠰᠢᠶᠠᠨ ᠳᠤ ᠰᠠᠶᠢᠨ ᠰᠤᠷᠤᠯᠴᠠᠬᠤ ᠳᠤᠷᠠᠲᠠᠶ ᠢᠳᠡᠪᠬᠢᠲᠡᠶ ᠰᠤᠷᠤᠯᠴᠠᠬᠤ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠠᠶ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ  ᠦᠷᠬᠦᠯᠵᠢᠯᠡᠨ ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠠᠴᠠ ᠲᠠᠰᠤᠷᠠᠯᠲᠠ ᠦᠭᠡᠢ ᠮᠡᠳᠡᠯᠭᠡ ᠶᠢ ᠪᠠᠶᠠᠯᠢᠭᠵᠢᠭᠤᠯᠵᠤ᠂ ᠰᠢᠮ᠎ᠡ ᠲᠡᠵᠢᠭᠡᠯ ᠰᠢᠩᠭᠡᠭᠡᠨ ᠠᠪᠴᠤ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠠᠪᠢᠶᠠᠰ ᠴᠢᠳᠠᠪᠤᠷᠢ ᠪᠠ ᠬᠦᠴᠦᠨ ᠴᠢᠳᠠᠯ ᠢᠶᠠᠨ ᠡᠷᠭᠦᠪᠡ᠃                                                                           ᠰᠤᠷᠪᠤᠯᠵᠢᠯᠠᠭᠴᠢ  ᠄ ᠰᠦᠩ ᡁᠢ ᠲᠢᠩ   ᠸᠠᠩ ᠭᠦᠸᠧ ᠵᠢᠶᠦ᠋ᠨ                             ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                             ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2