ᠮᠠᠨ ᠤ ᠰᠢᠶᠠᠨ ᠳᠠᠭ᠎ᠠ ᠶᠢᠨ ᠨᠠᠭᠤᠷ ᠤᠨ ᠵᠠᠰᠠᠯᠲᠠ ᠶᠢᠨ ᠤᠬᠠᠭᠤᠯᠭ᠎ᠠ ᠶᠢᠨ ︽ᠲᠠᠪᠤ ᠶᠢ ᠬᠥᠳᠡᠭᠡ ᠪᠠᠭᠤᠯᠭᠠᠬᠤ ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-08-04
    ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ ᠭᠤᠷᠪᠠᠨ ᠨᠠᠭᠤᠷ  ᠨᠢᠭᠡ  ᠲᠠᠯᠠᠢ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠬᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳᠠᠭ᠎ᠠ ᠶᠢᠨ  ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠤᠬᠠᠶ ᠤᠬᠠᠭᠤᠯᠭ᠎ᠠ ᠶᠢᠨ ᠡᠷᠴᠢᠮ  ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠬᠥᠮᠦᠨ ᠪᠦᠬᠦᠨ ᠬᠠᠯᠠᠮᠵᠢᠯᠠᠬᠤ᠂ ᠬᠥᠮᠦᠨ ᠪᠦᠬᠦᠨ ᠳᠡᠮᠵᠢᠬᠦ᠂  ᠬᠦᠮᠦᠨ ᠪᠦᠬᠦᠨ ᠣᠷᠣᠯᠴᠠᠬᠤ ᠳᠠᠭ᠎ᠠ ᠶᠢᠨ ᠨᠠᠭᠤᠷ  ᠡᠬᠡ ᠨᠠᠭᠤᠷ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ 8 ᠰᠠᠷ᠎ᠠ ᠶᠢᠨ 3 ᠤ ᠡᠳᠦᠷ᠂ ᠳᠠᠭ᠎ᠠ ᠶᠢᠨ ᠨᠠᠭᠤᠷ ᠤᠨ ᠵᠠᠰᠠᠯᠲᠠ‌‍ᠶᠢᠨ ᠤᠬᠠᠭᠤᠯᠭ᠎ᠠ ᠶᠢᠨ ︽ᠲᠠᠪᠤ ᠶᠢ ᠬᠥᠳᠡᠭᠡ ᠪᠠᠭᠤᠯᠭᠠᠬᠤ︾ ᠠᠵᠢᠯᠯᠠᠭ᠎ᠠ ᠬᠤᠩ ᠮᠤᠤ ᠪᠠᠯᠭᠠᠰᠤᠨ ᠤ ᠠᠨ ᠽᠢ ᠱᠠᠨ ᠲᠣᠰᠬᠤᠨ ᠳᠤ ᠥᠷᠨᠢᠭᠦᠨ ᠬᠥᠭᠵᠢᠩᠭᠦᠢ ᠶᠠᠪᠤᠭᠳᠠᠪᠠ᠃
        ᠠᠵᠢᠯᠯᠠᠭ᠎ᠠ ᠶᠢᠨ ᠠᠬᠤᠶ ᠲᠠᠯᠠᠪᠠᠢ ᠳᠤ᠂ ᠴᠡᠴᠡᠭ ᠬᠤᠸᠠᠷ ᠡᠪᠡᠰᠦ ᠨᠣᠭᠤᠭᠠᠷᠠᠵᠤ᠂ ᠰᠡᠷᠢᠭᠦᠨ ᠰᠠᠯᠬᠢ ᠰᠠᠯᠬᠢᠯᠠᠵᠤ᠂ ᠤᠯᠠᠭᠠᠨᠮᠥ᠋ᠴᠢᠷ ᠤᠨ ᠭᠡᠰᠢᠭᠦᠳ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠳᠠᠭ᠎ᠠ ᠶᠢᠨ ᠨᠠᠭᠤᠷ ᠤᠨ ᠬᠠᠮᠠᠭᠠᠯᠠᠯᠳᠠ ᠶᠢᠨ ᠠᠭᠤᠯᠭ᠎ᠠ ᠶᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠳᠤ ᠠᠭᠤᠰᠬᠠᠨ ᠣᠷᠣᠭᠤᠯᠵᠤ᠂ ᠣᠯᠠᠨ ᠲᠦᠮᠡᠨ ᠤ ᠬᠢᠯᠪᠠᠷ ᠣᠶᠢᠯᠠᠭᠠᠮᠵᠢᠲᠠᠶ᠂ ᠦᠵᠡᠵᠦ ᠰᠣᠨᠣᠰᠬᠤ ᠳᠤᠷᠠᠲᠠᠶ ᠠᠷᠭ᠎ᠠ ᠬᠡᠯᠪᠡᠷᠢ ᠪᠠᠷ ᠰᠢᠯᠦᠭ ᠤᠶᠠᠩᠭᠠᠯᠠᠯ᠂ ᠬᠤᠶᠠᠷ ᠬᠥᠮᠦᠨ ᠤ ᠪᠠᠭ᠎ᠠ ᠵᠦᠴᠦᠭᠡ᠂ ᠮᠣᠷᠢᠨ ᠬᠤᠭᠤᠷ ᠵᠡᠷᠭᠡ ᠤᠷᠠᠨ ᠰᠠᠶᠢᠬᠠᠨ ᠤ  ᠲᠤᠭᠯᠠᠯᠳᠠ ᠪᠠᠷ ᠳᠠᠮᠵᠢᠭᠤᠯᠤᠨ᠂ ᠳᠠᠭ᠎ᠠ ᠶᠢᠨ  ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢᠨ ᠴᠢᠬᠤᠯᠠ ᠴᠢᠨᠠᠷ ᠪᠠ ᠴᠢᠬᠤᠯᠠ ᠴᠢᠨᠠᠷ ᠢ ᠶᠡᠭᠡ ᠪᠠᠷ ᠤᠬᠠᠭᠤᠯᠵᠤ᠂ ᠨᠠᠩ ᠣᠯᠠᠨ ᠣᠯᠠᠨ ᠲᠦᠮᠡᠨ ᠢ ᠳᠠᠭ᠎ᠠ ᠶᠢᠨ ᠨᠠᠭᠤᠷ ᠤᠨ ᠬᠠᠮᠠᠭᠠᠯᠠᠯᠲᠠ ᠳᠤ ᠤᠷᠤᠯᠴᠠᠭᠤᠯᠬᠤ ᠬᠡᠷᠡᠭᠲᠡᠶ᠃ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠳᠠᠭ᠎ᠠ ᠶᠢᠨ ᠨᠠᠭᠤᠷ ᠤᠨ ᠦᠨᠳᠦᠰᠦᠨ ᠪᠠᠶᠢᠳᠠᠯ᠂ ᠳᠠᠭ᠎ᠠ ᠶᠢᠨ ᠨᠠᠭᠤᠷ ᠤᠨ ᠵᠠᠰᠠᠯᠲᠠ ᠶᠢᠨ ᠰᠡᠳᠬᠢᠴᠡ᠂ ᠠᠪᠤᠭᠰᠠᠨ ᠵᠠᠰᠠᠬᠤ ᠠᠷᠭ᠎ᠠ ᠬᠡᠮᠵᠢᠶ᠎ᠡ᠂ ᠳᠠᠭ᠎ᠠ ᠶᠢᠨ  ᠨᠠᠭᠤᠷ ᠢ ᠬᠠᠮᠠᠭᠠᠯᠠᠬᠤ ᠠᠴᠢ ᠬᠤᠯᠪᠣᠭᠳᠠᠯ ᠵᠡᠷᠭᠡ ᠲᠠᠯ᠎ᠠ ᠪᠠᠷ ᠳᠠᠭ᠎ᠠ ᠶᠢᠨ ᠨᠠᠭᠤᠷ ᠤᠰᠤᠨ ᠤ ᠠᠮᠢ ᠠᠬᠤᠶ  ᠶᠢ ᠶᠡᠷᠦᠩᠬᠡᠶᠢᠯᠡᠨ ᠵᠠᠰᠠᠬᠤ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠳᠤ ᠪᠠᠰᠠ ᠱᠠᠩᠨᠠᠯ ᠲᠠᠢ ᠮᠡᠳᠡᠯᠭᠡ ᠶᠢᠨ ᠠᠰᠠᠭᠤᠯᠲᠠ  ᠬᠠᠷᠭᠤᠯᠤᠯᠳᠡ ᠶᠢ ᠥᠷᠨᠢᠭᠦᠯᠪᠡ᠃ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠰᠠᠮᠪᠠᠷ᠎ᠠ ᠪᠣᠯᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠰᠠᠭᠤᠨ ᠯᠠᠪᠯᠠᠬᠤ ᠲᠠᠪᠴᠠᠩ ᠲᠣᠬᠢᠷᠠᠭᠤᠯᠵᠠᠶ᠃ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠤᠰᠤᠨ ᠤ  ᠪᠤᠬᠢᠷᠳᠤᠯ ᠢ ᠰᠡᠷᠭᠡᠶᠢᠯᠡᠨ ᠵᠠᠰᠠᠬᠤ ᠬᠠᠤᠯᠢ︾᠂ ︽ᠤᠯᠠᠭᠠᠨᠴᠠᠪ ᠬᠤᠲᠠ ᠶᠢᠨ ᠲᠠᠭ᠎ᠠ ᠶᠢᠨ ᠨᠠᠭᠤᠷ᠂  ᠭᠬᠢᠷᠢ ᠶᠢᠨ ᠨᠠᠭᠤᠷ ᠬᠠᠮᠠᠭᠠᠯᠠᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠭᠠᠷ ᠠᠪᠤᠯᠭ᠎ᠠ ᠶᠢ ᠲᠠᠷᠬᠠᠭᠠᠪᠠ᠃
           ᠤᠬᠠᠭᠤᠯᠬᠤ ᠬᠡᠯᠲᠡᠰ ᠤᠨ ᠠᠵᠢᠯᠲᠠᠨ ᠰᠢᠤᠢ ᠯᠢ ᠴᠢᠶᠠᠩ᠄ ᠲᠠᠭ᠎ᠠ ᠶᠢᠨ ᠨᠠᠭᠤᠷ  ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢᠨ ᠣᠶᠢᠯᠠᠭᠠᠬᠤ ᠨᠣᠷᠮ᠎ᠠ᠂ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ᠲᠠᠭ᠎ᠠ ᠶᠢᠨ ᠨᠠᠭᠤᠷ  ᠤᠰᠤᠨ ᠤ  ᠠᠮᠢ ᠠᠬᠤᠶ ᠶᠢ ᠶᠡᠷᠦᠩᠬᠡᠶᠢᠯᠡᠨ ᠵᠠᠰᠠᠬᠤ ᠤᠬᠠᠭᠤᠯᠭ᠎ᠠ ᠶᠢᠨ ᠲᠠᠪᠤᠨ ᠵᠤᠶᠢᠯ ᠢ ᠬᠥᠳᠡᠭᠡ ᠪᠠᠭᠤᠯᠭᠠᠬᠤ ᠠᠵᠢᠯᠯᠠᠭ᠎ᠠ ᠨᠢ  ᠲᠠᠭ᠎ᠠ ᠶᠢᠨ ᠨᠠᠭᠤᠷ ᠣᠶᠢᠷ᠎ᠠ ᠬᠠᠪᠢ ᠶᠢᠨ 5 ᠰᠢᠶᠠᠩ ᠪᠠᠯᠭᠠᠰᠤ ᠳᠤ ᠶᠠᠪᠤᠭᠳᠠᠵᠠᠶ᠃ 10 ᠡᠳᠦᠷ ᠤᠨ ᠴᠠᠭ ᠬᠤᠭᠤᠴᠠᠭ᠎ᠠ ᠶᠢ ᠠᠰᠢᠭᠯᠠᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠪᠦᠬᠦ  ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠢ ᠤᠬᠠᠭᠤᠯᠤᠨ ᠬᠥᠲᠥᠯᠥᠨ ᠵᠢᠯᠣᠭᠤᠳᠴᠤ ᠲᠠᠭ᠎ᠠ ᠶᠢᠨ ᠨᠠᠭᠤᠷ ᠡᠬᠡ ᠨᠠᠭᠤᠷ ᠢ ᠬᠠᠮᠠᠭᠠᠯᠠᠬᠤ ᠠᠵᠢᠯᠯᠠᠭ᠎ᠠ ᠳᠤ ᠬᠠᠮᠲᠤ ᠪᠠᠷ ᠢᠳᠡᠪᠬᠢᠲᠡᠶ ᠣᠷᠣᠯᠴᠠᠭᠤᠯᠤᠨ᠎ᠠ ᠭᠡᠪᠡ᠃
         ᠠᠵᠢᠯᠯᠠᠭ᠎ᠠ ᠳᠤᠮᠳᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠲᠥᠪ ᠤᠨ ᠰᠠᠶᠢᠨ ᠳᠤᠷᠠᠴᠤᠳ ᠴᠤ ᠡᠭᠦᠨ ᠳᠤ ᠠᠭᠤᠰᠤᠯᠴᠠᠵᠤ᠂ ᠳᠠᠭ᠎ᠠ ᠶᠢᠨ ᠨᠠᠭᠤᠷ ᠤᠨ ᠬᠠᠮᠠᠭᠠᠯᠠᠯᠲᠠ ᠶᠢᠨ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠶᠡᠷᠦ ᠶᠢᠨ ᠮᠡᠳᠡᠯᠭᠡ ᠶᠢ ᠬᠠᠯᠠᠭᠤᠨ ᠢᠶᠠᠷ ᠬᠦᠯᠢᠴᠡᠩᠭᠦᠢ ᠪᠠᠷ ᠲᠠᠶᠢᠯᠪᠤᠷᠢᠯᠠᠵᠤ᠂ ᠰᠠᠶᠢᠨ ᠳᠤᠷᠠᠴᠤᠳ ᠪᠠᠰᠠ ᠠᠶᠢᠯ ᠡᠷᠦᠬᠡ ᠳᠤ ᠣᠷᠣᠵᠤ᠂ ᠥᠨᠥᠴᠢᠨ ᠪᠡᠯᠪᠡᠰᠦᠨ ᠨᠠᠰᠤᠲᠠᠨ᠂ ᠵᠡᠮᠳᠡᠭᠴᠦᠳ ᠵᠡᠷᠭᠡ ᠬᠦᠴᠢᠷᠳᠡᠯᠲᠡᠶ ᠣᠯᠠᠨ ᠲᠦᠮᠡᠨ ᠳᠤ ᠭᠡᠷ ᠪᠦᠯᠢ ᠶᠢᠨ ᠡᠷᠡᠭᠦᠯ ᠬᠠᠮᠠᠭᠠᠯᠠᠯ ᠢ ᠨᠢ ᠴᠡᠪᠡᠷᠯᠡᠨ ᠥᠭᠴᠦ᠂ ᠲᠡᠳᠡᠨ ᠳᠤ ᠴᠡᠪᠡᠷ ᠲᠡᠭᠰᠢ ᠠᠮᠢᠳᠤᠷᠠᠯ ᠤᠨ ᠣᠷᠴᠢᠨ ᠲᠣᠭᠤᠷᠢᠨ  ᠢ ᠪᠤᠢ ᠪᠤᠯᠭᠠᠵᠤ  ᠦᠭᠭᠦᠭᠰᠡᠨ ᠪᠠᠶᠢᠨ᠎ᠠ᠃
         ᠥᠨᠥᠳᠦᠷ ᠪᠢᠳᠡ ᠨᠢᠭᠡᠨ ᠰᠠᠶᠢᠨ ᠲᠤᠷᠠᠴᠤᠳ ᠤᠨ ᠬᠤᠪᠢ ᠪᠠᠷ ᠳᠠᠭ᠎ᠠ ᠶᠢᠨ ᠨᠠᠭᠤᠷ  ᠤᠨ ᠵᠠᠰᠠᠯᠲᠠ ᠶᠢᠨ ᠤᠬᠠᠭᠤᠯᠭ᠎ᠠ ᠶᠢᠨ ︽ᠲᠠᠪᠤ ᠶᠢ ᠬᠥᠳᠡᠭᠡ ᠪᠠᠭᠤᠯᠭᠠᠬᠤ  ︾ ᠠᠵᠢᠯᠯᠠᠭ᠎ᠠ ᠳᠤ ᠣᠷᠣᠯᠴᠠᠵᠠᠶ᠃ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠴᠡᠪᠡᠷᠯᠡᠭᠡ ᠬᠢᠵᠦ᠂ ᠲᠡᠳᠡᠨ ᠤ ᠠᠮᠢᠳᠤᠷᠠᠯ ᠤᠨ ᠣᠷᠴᠢᠨ  ᠲᠤᠭᠤᠷᠢᠨ ᠢ ᠬᠤᠪᠢᠷᠠᠭᠤᠯᠵᠤ᠂ ᠳᠠᠭ᠎ᠠ ᠶᠢᠨ ᠨᠠᠭᠤᠷ ᠤᠨ ᠡᠬᠡ ᠨᠠᠭᠤᠷ ᠢ ᠬᠠᠮᠠᠭᠠᠯᠠᠬᠤ ᠳᠤ ᠪᠠᠭ᠎ᠠ ᠰᠠᠭ᠎ᠠ ᠬᠦᠴᠦᠨ  ᠢᠶᠠᠨ ᠡᠷᠭᠦᠵᠡᠶ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠹᠦ᠋ ᠲᠢᠩ ᠲᠢᠩ ᠬᠡᠯᠡᠪᠡ᠃
          ᠣᠶᠢᠯᠠᠭᠠᠭᠰᠠᠨ ᠢᠶᠠᠷ᠂ ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠤᠬᠠᠭᠤᠯᠭ᠎ᠠ ᠶᠢᠨ ︽ᠲᠠᠪᠤ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠲᠦᠷᠦᠭᠦᠯᠡᠨ ᠬᠢᠵᠦ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠳᠠᠭ᠎ᠠ ᠶᠢᠨ ᠨᠠᠭᠤᠷ ᠤᠨ ᠬᠠᠮᠢᠶᠠᠷᠤᠯᠲᠠ ᠶᠢᠨ ᠵᠥᠪᠯᠡᠯ᠂ ᠨᠠᠮ ᠤᠨ  ᠰᠤᠷᠭᠠᠭᠤᠯᠢ᠂  ᠠᠵᠢᠯᠳᠡᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠬᠠᠮᠲᠤᠷᠠᠨ  ᠦᠷᠨᠢᠭᠦᠯᠪᠡ᠃ ︽ᠲᠠᠪᠤ ᠶᠢ ᠬᠥᠳᠡᠭᠡ ᠪᠠᠭᠤᠯᠭᠠᠬᠤ︾ ᠠᠵᠢᠯᠯᠠᠭ᠎ᠠ ᠳᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ᠂  ᠲᠠᠭ᠎ᠠ ᠶᠢᠨ ᠨᠠᠭᠤᠷ ᠬᠠᠮᠠᠭᠠᠯᠠᠯᠳᠡ ᠶᠢᠨ ᠮᠡᠳᠡᠯᠭᠡ ᠶᠢ ᠤᠬᠠᠭᠤᠯᠤᠨ  ᠲᠠᠶᠢᠯᠪᠤᠷᠢᠯᠡᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ  ᠤᠶᠢᠯᠡᠴᠢᠯᠡᠭᠡ᠂ ᠳᠠᠭ᠎ᠠ ᠶᠢᠨ ᠨᠠᠭᠤᠷ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠯᠭᠡᠨ ᠦᠵᠡᠭᠦᠯᠬᠦ ᠲᠠᠪᠤᠨ ᠶᠡᠭᠡ ᠲᠠᠯ᠎ᠠ ᠶᠢᠨ ᠠᠭᠤᠯᠭ᠎ᠠ ᠪᠠᠭᠲᠠᠨ᠎ᠠ᠃
     ᠲᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠪᠠᠷ ᠳᠠᠮᠵᠢᠨ  ᠲᠠᠪᠤ ᠶᠢ ᠬᠥᠳᠡᠭᠡ ᠪᠠᠭᠤᠯᠭᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠡᠶ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ  ᠭᠦᠨᠵᠡᠭᠡᠶᠢᠷᠡᠭᠦᠯᠬᠦ ᠶᠢ ᠠᠬᠢᠭᠤᠯᠵᠤ᠂  ᠲᠠᠭ᠎ᠠ  ᠨᠠᠭᠤᠷ‌ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢᠨ  ᠮᠡᠳᠡᠬᠦ ᠨᠣᠷᠮ᠎ᠠ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠡᠶ᠃ ᠣᠯᠠᠨ ᠲᠦᠮᠡᠨ ᠤ ᠠᠮᠢ ᠠᠬᠤᠢ ᠶᠢᠨ ᠪᠣᠯᠪᠠᠰᠤᠨ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠲᠡᠭᠡᠭᠰᠢᠯᠡᠭᠦᠯᠵᠦ᠂ ᠳᠠᠭ᠎ᠠ ᠶᠢᠨ ᠨᠠᠭᠤᠷ  ᠡᠬᠡ ᠨᠠᠭᠤᠷ ᠢ ᠬᠠᠮᠠᠭᠠᠯᠠᠬᠤ ᠶᠠᠪᠤᠳᠠᠯ ᠢ ᠪᠦᠬᠦ ᠰᠢᠶᠠᠨ ᠤ ᠦᠨᠳᠦᠰᠦᠲᠡᠨ ᠨᠦᠭᠦᠳ ᠤᠨ  ᠠᠷᠠᠳ ᠲᠦᠮᠡᠨ ᠤ ᠤᠬᠠᠮᠰᠠᠷᠲᠤ ᠠᠵᠢᠯᠯᠠᠭ᠎ᠠ ᠪᠣᠯᠭᠠᠵᠤ᠂ ᠯᠢᠶᠠᠩᠴᠧᠩ ᠤᠨ ᠲᠩᠷᠢ ᠶᠢ ᠨᠡᠩ ᠴᠡᠯᠮᠡᠭ᠂ ᠤᠰᠤ ᠶᠢ ᠨᠡᠩ ᠨᠣᠭᠤᠭᠠᠨ᠂ ᠠᠭᠠᠷ ᠢ ᠨᠡᠩ ᠴᠡᠪᠡᠷ ᠲᠤᠩᠭᠠᠯᠠᠭ ᠪᠤᠯᠭᠠᠨ᠎ᠠ᠃                               ᠰᠤᠷᠪᠤᠯᠵᠢᠯᠠᠭᠴᠢ  ᠄ ᠴᠧᠨ ᠢᠦᠶ    ᠰᠢᠤᠢ ᠶᠠᠨ ᠯᠢ                               ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                               ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2