ᠲᠠᠷᠢᠶᠠᠴᠢᠨ ᠠᠶᠢᠯ ᠤᠨ ᠵᠤᠭᠠᠴᠠᠯ ᠯᠢᠶᠠᠩᠴᠧᠩ ᠰᠢᠶᠠᠨ ᠤ ᠵᠤᠤ ᠵᠢᠶᠠ ᠼᠦᠨ ᠲᠣᠰᠬᠤᠨ ᠢᠶᠠᠷ ᠵᠢᠭᠤᠯᠴᠢᠯᠠᠯ  ᠤᠨ ᠠᠯᠲᠠᠨ ᠠᠶᠠᠭ᠎ᠠ ᠪᠣᠯᠭᠠᠪᠠ
ᠨᠡᠶᠢᠲᠡᠯᠡᠭᠰᠡᠨ ᠴᠠᠭ᠄
2020-08-06
     ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠪᠠᠯᠭᠠᠰᠤᠨ ᠤ ᠭᠤᠷᠪᠠᠳᠤᠭᠠᠷ ᠰᠤᠮᠤᠨ ᠤ ᠵᠠᠰᠠᠭ ᠵᠠᠬᠢᠷᠭᠠᠨ ᠤ ᠲᠤᠰᠬᠤᠨ ᠤ ᠵᠤᠤ ᠵᠢᠶᠠ ᠼᠦᠨ ᠲᠣᠰᠬᠤᠨ ᠨᠢ ᠡᠮᠦᠨᠡᠰᠢ ᠳᠠᠭ᠎ᠠ ᠶᠢᠨ ᠨᠠᠭᠤᠷ᠂  ᠬᠤᠶᠢᠨ᠎ᠠ ᠪᠠᠨ ᠳ᠋ᠦᠩ ᠶᠢᠨ ᠱᠠᠨ ᠠᠭᠤᠯᠠᠨ ᠳᠤ  ᠬᠦᠷᠴᠦ᠂ ᠡᠨᠡ ᠬᠤᠭᠤᠷᠣᠨᠳᠣ ᠳᠠᠭ᠎ᠠ ᠶᠢᠨ ᠨᠠᠭᠤᠷ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ ᠳᠠᠭ᠎ᠠ ᠶᠢᠨ ᠨᠠᠭᠤᠷ ᠤᠨ  ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠶ᠂ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ᠂ ᠬᠤᠶ ᠰᠢᠶᠠᠩ ᠰᠧ ᠰᠦᠮ᠎ᠡ ᠵᠡᠷᠭᠡ ᠪᠥᠬᠦ ᠤᠯᠤᠰ ᠤᠨ ᠨᠠᠷᠠᠲᠤ ᠵᠢᠭᠤᠯᠴᠢᠯᠠᠯ ᠤᠨ ᠦᠵᠡᠮᠵᠢ ᠶᠢᠨ ᠣᠷᠣᠨ ᠲᠠᠷᠬᠠᠵᠤ ᠪᠣᠶ᠃ ᠬᠥᠬᠡᠬᠤᠲᠠ ᠵᠠᠰᠠᠮᠠᠯ ᠵᠠᠮ ᠲᠣᠰᠬᠤᠨ ᠢᠶᠠᠷ ᠥᠩᠭᠡᠷᠡᠵᠦ᠂ ᠥᠪᠡᠷᠮᠢᠴᠡ ᠣᠨᠴᠠᠯᠢᠭ ᠲᠠᠢ ᠣᠷᠣᠨ ᠪᠠᠶᠢᠷᠢ ᠶᠢᠨ  ᠲᠠᠪᠠᠭᠤᠯᠢᠭ ᠲᠠᠯ᠎ᠠ ᠨᠢ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠢ  ᠪᠦᠷᠢᠳᠦᠭᠦᠯᠵᠦ ᠥᠭᠴᠡᠶ᠃ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠣᠰᠬᠤᠨ ᠳᠤ ᠰᠠᠭᠤᠭᠰᠠᠨ ᠠᠴᠠ ᠨᠠᠰᠢ᠂ ᠲᠣᠰᠬᠤᠨ ᠤ ᠬᠤᠶᠠᠷ ᠵᠥᠪᠯᠡᠯ ᠲᠠᠢ ᠬᠠᠮᠲᠤ ᠵᠢᠭᠤᠯᠴᠢᠯᠠᠯ ᠤᠨ ᠠᠵᠤ  ᠤᠶᠢᠯᠡᠰ ᠢ ᠪᠤᠶᠢᠵᠢᠭᠤᠯᠤᠨ᠎ᠠ᠃ ︽ᠬᠦᠷ ᠨᠠᠷᠭᠢᠶᠠᠨᠳᠤ ᠲᠠᠷᠢᠶᠠᠴᠢᠨ ᠠᠶᠢᠯ︾ ᠵᠡᠷᠭᠡ ᠬᠤᠨᠤᠭ ᠪᠠᠭᠤᠬᠤ᠂ ᠬᠤᠭᠤᠯᠠ ᠤᠮᠳᠠ᠂ ᠲᠡᠭᠦᠵᠦ ᠴᠤᠭᠯᠠᠭᠤᠯᠬᠤ ᠳᠠᠭᠠᠨ ᠰᠡᠯᠡᠭᠦᠴᠡᠬᠦ᠂ ᠵᠤᠭᠠᠴᠠᠨ ᠲᠣᠭᠤᠷᠢᠬᠤ᠂ ᠠᠮᠠᠷᠠᠯᠲᠠ ᠠᠪᠬᠤ᠂ ᠪᠡᠶ᠎ᠡ ᠰᠤᠪᠢᠯᠠᠬᠤ ᠶᠢ ᠨᠢᠭᠡ ᠴᠣᠭᠴᠠᠵᠢᠭᠤᠯᠤᠭᠰᠠᠨ  ᠲᠠᠷᠢᠶᠠᠯᠠᠩ ᠤᠨ ᠬᠦᠷᠢᠶᠡᠯᠡᠩ ᠢ ᠪᠠᠶᠢᠭᠤᠯᠵᠤ᠂ ︽ᠳᠠᠭ᠎ᠠ ᠶᠢᠨ ᠨᠠᠭᠤᠷ ᠤᠨ ᠠᠶᠢᠯ︾᠎ ᠤᠨ ᠰᠣᠳᠣᠨ ᠠᠷᠠᠳ ᠤᠨ ᠪᠠᠭᠤᠳᠠᠯ ᠢ ᠪᠠᠶᠢᠭᠤᠯᠵᠤ᠂ ᠲᠣᠰᠬᠤᠨ ᠤ ᠠᠷᠠᠳ ᠢ  ᠬᠦᠳᠦᠯᠦᠨ ᠳᠠᠭᠠᠭᠤᠯᠵᠤ ᠵᠤᠭᠠᠴᠠᠯ ᠤᠨ ︽ᠠᠯᠳᠠᠨ ᠠᠶᠠᠭ᠎ᠠ︾᠎ ᠶᠢ ᠪᠤᠰᠬᠠᠪᠠ᠃
                           ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                            ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2