ᠴᠡᠷᠢᠭ ᠤᠨ ᠬᠤᠪᠴᠠᠰᠤ ᠪᠠᠨ ᠲᠠᠶᠢᠯᠤᠭᠰᠠᠨ ᠴᠦ ᠡᠪ ᠬᠠᠮᠲᠤᠴᠤᠳ ᠤᠨ ᠣᠷᠭᠢᠯᠤᠮ᠎ᠠ ᠬᠠᠯᠠᠭᠤᠨ | ᠰᠡᠳᠬᠢᠯᠭᠡ ᠶᠢ ᠲᠠᠶᠠᠭᠳᠠᠵᠤ ᠴᠢᠳᠠᠬᠤ ᠦᠭᠡᠢ ᠲᠡᠷᠡ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ 19 ᠵᠢᠯ ᠤᠨ ᠠᠵᠢᠯ ᠤᠨ ᠪᠠᠶᠢᠷᠢ ᠪᠠᠨ ᠰᠣᠯᠢᠵᠤ᠂ ᠬᠠᠷᠢᠨ | ᠴᠡᠷᠢᠭ ᠬᠥᠮᠦᠨ ᠤ ᠤᠭ ᠴᠢᠨᠠᠷ ᠢᠶᠠᠨ ᠶᠡᠷᠦ ᠮᠠᠷᠲᠠᠭ᠎ᠠ ᠦᠭᠡᠢ᠂ 19 ᠵᠢᠯ ᠳᠠᠭᠤ ᠦᠭᠡᠢ ᠵᠣᠷᠢᠭᠤᠯᠵᠤ᠂ | ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠨ᠎ᠠ᠂ ᠲᠡᠷᠡ ᠪᠣᠯ | ᠳᠠᠷᠤᠢ ᠮᠠᠶᠢᠬᠠᠨᠳᠤ ᠪᠠᠯᠭᠠᠰᠤᠨ ᠤ ᠱᠧᠩ ᠯᠢ ᠲᠣᠰᠬᠤᠨ ᠤ ᠵᠥᠪᠯᠡᠯ ᠤᠨ ᠡᠷᠬᠢᠯᠡᠭᠴᠢ ᠯᠢᠦ ᠱᠦ ᠲᠢᠩ ᠪᠣᠯᠤᠨ᠎ᠠ᠃ | | | | | | ᠯᠢᠦ ᠱᠦ ᠲᠢᠩ ᠪᠣᠯ ᠴᠡᠷᠢᠭ ᠬᠥᠮᠦᠨ ᠪᠠᠶᠢᠭᠰᠠᠨ᠂ 1983 ᠤᠨ ᠠᠴᠠ 1988 ᠤᠨ ᠪᠣᠯᠲᠠᠯ᠎ᠠ ᠴᠡᠷᠢᠭ | ᠠᠩᠭᠢ ᠳᠤ ᠠᠯᠪᠠ ᠬᠠᠭᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠢᠯᠡᠷᠡᠯ ᠨᠢ ᠭᠠᠷᠮᠠᠭᠠᠶ᠃ ᠴᠡᠷᠢᠭ ᠠᠩᠬᠢ ᠶᠢᠨ | ᠬᠥᠬᠢᠭᠦᠯᠦᠯ ᠢ ᠣᠯᠠᠨᠲᠠ ᠬᠦᠷᠳᠡᠪᠡ᠃ ᠴᠡᠷᠢᠭ ᠠᠴᠠ ᠬᠠᠯᠠᠭᠳᠠᠭᠰᠠᠨ ᠤ ᠳᠠᠷᠠᠭ᠎ᠠ᠂ ᠯᠢᠦ ᠱᠦ ᠲᠢᠩ ᠨᠢᠭᠡ ᠪᠡᠶ᠎ᠡ | ᠢᠷᠠᠭᠤ ᠠᠯᠳᠠᠷ ᠪᠣᠯᠤᠨ ᠨᠤᠲᠤᠭ ᠤᠰᠤ ᠪᠠᠨ ᠰᠠᠨᠠᠭᠠᠯᠵᠠᠬᠤ ᠰᠡᠳᠬᠢᠯᠭᠡ ᠡᠪᠦᠷᠯᠡᠨ ᠨᠤᠳᠤᠭ ᠲᠠᠭᠠᠨ ᠬᠠᠷᠢᠵᠤ᠂ | ᠵᠡᠭᠦᠳᠦᠨ ᠳᠡᠭᠡᠨ ᠯᠡ ᠠᠭᠤᠯᠵᠠᠵᠤ ᠴᠢᠳᠠᠬᠤ ᠲᠡᠷᠡ ᠨᠢᠭᠡ ᠬᠠᠭᠤᠳᠠᠰᠤ ᠵᠢᠰᠦ ᠴᠢᠷᠠᠶ ᠶᠢ ᠨᠢ ᠬᠠᠷᠠᠵᠤ ᠪᠠᠶᠢᠯ᠎ᠠ᠂ | ᠰᠡᠳᠬᠢᠯ ᠳᠣᠭᠳᠣᠯᠤᠭᠰᠠᠨ ᠨᠢᠯᠪᠤᠰᠤ ᠤᠨᠠᠭᠠᠪᠠ᠃ ᠴᠡᠷᠢᠭ ᠠᠴᠠ ᠬᠠᠯᠠᠭᠳᠠᠭᠰᠠᠨ 10 ᠭᠠᠷᠤᠶ ᠵᠢᠯ ᠤᠨ ᠳᠣᠲᠣᠷ᠎ᠠ᠂ | ᠲᠡᠷᠡ ᠪᠠᠰᠠ ᠭᠠᠳᠠᠨ᠎ᠠ ᠬᠥᠯᠥᠰᠥᠨ ᠠᠵᠢᠯ ᠬᠢᠵᠦ ᠥᠩᠭᠡᠷᠡᠭᠰᠡᠨ ᠪᠣᠯᠪᠠᠴᠤ ᠵᠢᠯ ᠴᠠᠭᠠᠨ ᠰᠠᠷ᠎ᠠ ᠪᠣᠯᠬᠤ ᠪᠦᠷᠢ | ᠭᠡᠷ ᠲᠡᠭᠡᠨ ᠬᠠᠷᠢᠳᠠᠭ᠃ ᠨᠤᠲᠤᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠤᠴᠣᠷᠤᠩᠭᠤᠶ᠂ | ᠶᠠᠪᠤᠵᠤ ᠰᠠᠭᠤᠬᠤ ᠵᠠᠮ ᠂ ᠭᠤᠤᠯᠯᠠᠬᠤ ᠠᠵᠤ ᠤᠶᠢᠯᠡᠰ ᠤᠨ ᠪᠦᠲᠦᠴᠡ ᠳᠠᠩ ᠴᠤᠯᠭᠤᠶ ᠪᠠᠶᠢᠳᠠᠯ ᠢ ᠣᠯᠵᠤ | ᠬᠠᠷᠠᠵᠠᠶ᠃ ᠲᠡᠭᠦᠨ ᠤ ᠰᠡᠳᠬᠢᠯ ᠳᠣᠲᠣᠷ᠎ᠠ ᠶᠡᠷᠦ ᠨᠢ ᠡᠪ ᠦᠭᠡᠢ ᠰᠠᠨᠠᠭᠳᠠᠵᠤ ᠪᠠᠶᠢᠨ᠎ᠠ᠃ 2001 ᠣᠨ ᠳᠤ | ᠲᠡᠷᠡ ᠡᠷᠡᠰ ᠰᠢᠭᠤᠷᠬᠠᠢ ᠪᠠᠷ ᠨᠤᠲᠤᠭ ᠲᠠᠭᠠᠨ ᠪᠤᠴᠠᠵᠤ᠂ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ | ᠪᠠᠭ ᠲᠤ ᠣᠷᠣᠵᠤ᠂ ᠨᠤᠲᠤᠭ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠵᠤ᠂ ᠡᠨᠡ ᠬᠦ ᠠᠵᠢᠯ ᠢ19 ᠵᠢᠯ | ᠬᠢᠭᠰᠡᠨ ᠪᠠᠶᠢᠨ᠎ᠠ᠃ | | | | | ᠴᠡᠷᠢᠭ ᠤᠨ ᠬᠤᠪᠴᠠᠰᠤ ᠬᠡᠳᠦ᠋ᠢᠪᠡᠷ ᠲᠠᠶᠢᠯᠤᠭᠳᠠᠭᠰᠠᠨ ᠪᠣᠯᠪᠠᠴᠤ ᠮᠥᠨ ᠴᠢᠨᠠᠷ ᠨᠢ ᠮᠥᠨ ᠯᠡ ᠬᠤᠪᠢᠷᠠᠭ᠎ᠠ | ᠦᠭᠡᠢ᠃ ᠴᠡᠷᠢᠭ ᠤᠨ ᠬᠤᠸᠠᠷᠠᠨ ᠤ 6 ᠵᠢᠯ᠂ ᠬᠥᠯᠥᠰᠥᠨ ᠠᠵᠢᠯ ᠬᠢᠭᠰᠡᠨ 10 ᠵᠢᠯ ᠤᠨ ᠠᠮᠢᠳᠤᠷᠠᠯ ᠤᠨ | ᠪᠣᠯᠪᠠᠰᠤᠷᠠᠯ ᠯᠢᠦ ᠱᠦ ᠲᠢᠩ ᠤᠨ ᠦᠵᠡᠯᠲᠡ ᠶᠢ ᠬᠤᠪᠢᠷᠠᠭᠤᠯᠵᠤ᠂ ᠰᠡᠳᠬᠢᠴᠡ ᠶᠢ ᠥᠷᠭᠡᠳᠬᠡᠵᠡᠶ᠃ ᠯᠢᠦ ᠱᠦ | ᠲᠢᠩ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠤᠭ ᠰᠠᠨᠠᠭ᠎ᠠ ᠪᠠᠨ ᠰᠠᠬᠢᠨ᠂ ᠡᠭᠦᠷᠭᠡ ᠬᠠᠷᠢᠭᠤᠴᠠᠯᠭ᠎ᠠ | ᠡᠭᠦᠷᠭᠡᠯᠡᠵᠦ᠂ ᠨᠠᠷᠢᠨ ᠬᠢᠨᠠᠮᠠᠭᠠᠶ ᠬᠠᠷᠢᠭᠤᠴᠠᠵᠤ᠂ ᠠᠶᠢᠯ ᠡᠷᠦᠬᠡ ᠳᠠᠷᠠᠭᠠᠯᠠᠨ ᠲᠣᠰᠬᠤᠨ ᠤ ᠠᠷᠠᠳ ᠤᠨ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠤ ᠵᠠᠭᠠᠯᠳᠤᠯᠭ᠎ᠠ᠂ ᠬᠦᠰᠡᠯ ᠡᠷᠡᠮᠡᠯᠵᠡᠯ ᠢ | ᠴᠤᠭᠯᠠᠭᠤᠯᠤᠨ᠎ᠠ᠃ ᠱᠧᠩ ᠯᠢ ᠲᠣᠰᠬᠤᠨ ᠤ ᠰᠠᠭᠤᠷᠢ ᠲᠥᠬᠦᠭᠡᠷᠦᠮᠵᠢ ᠨᠡᠯᠢᠶᠡᠳ ᠬᠤᠴᠣᠷᠤᠩᠭᠤᠶ᠂ ᠢᠯᠠᠩᠭᠤᠶ᠎ᠠ | ᠣᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ᠤᠰᠤ᠂ ᠴᠠᠬᠢᠯᠭᠠᠨ᠂ ᠵᠠᠮ ᠢ ᠲᠡᠷᠡ ᠲᠣᠰᠬᠤᠨ ᠤ ᠨᠠᠮ ᠤᠨ | ᠭᠡᠰᠢᠭᠦᠨ ᠺᠠᠳ᠋ᠷ ᠢ ᠳᠠᠭᠠᠭᠤᠯᠤᠨ ᠭᠠᠵᠠᠷ ᠪᠣᠯᠭᠠᠨ ᠢᠶᠠᠷ ᠭᠦᠶᠦᠯᠳᠦᠵᠦ᠂ ᠲᠥᠯᠥᠪᠵᠢᠭᠦᠯᠪᠡ ᠬᠢᠬᠦ᠂ ᠭᠤᠶᠤᠴᠢᠯᠠᠯ | ᠭᠠᠷᠭᠠᠬᠤ᠂ ᠪᠡᠯᠡ ᠮᠥᠩᠭᠦ ᠴᠤᠭᠯᠠᠭᠤᠯᠬᠤ᠂ ᠬᠡᠳᠦᠨ ᠵᠢᠯ ᠤᠨ ᠬᠤᠭᠤᠴᠠᠭᠠᠨ ᠳᠤ ᠪᠦᠬᠦ ᠲᠣᠰᠬᠤᠨ ᠤ 9 ᠠᠶᠢᠯ | ᠲᠣᠰᠬᠤᠨ ᠤ ᠭᠤᠤᠯ ᠵᠡᠭᠡᠯᠢ ᠭᠤᠳᠤᠮᠵᠢ ᠪᠣᠯᠤᠨ ᠡᠷᠦᠬᠡ ᠳᠤ ᠣᠷᠣᠬᠤ ᠵᠠᠮ ᠢ ᠪᠦᠬᠦᠨ ᠢ ᠬᠠᠲᠠᠭᠤᠷᠠᠭᠤᠯᠵᠤ᠂ 8 | ᠰᠠᠭᠤᠷᠢ ᠬᠥᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠢ ᠵᠠᠰᠠᠵᠤ ᠰᠡᠯᠪᠢᠨ᠎ᠡ᠃ ᠬᠦᠴᠦᠳᠡᠯ | ᠥᠭᠡᠷᠡᠴᠢᠯᠡᠭᠴᠢ 3 ᠰᠠᠭᠤᠷᠢ ᠰᠢᠨ᠎ᠡ ᠪᠠᠷ ᠨᠡᠮᠡᠭᠳᠡᠵᠦ᠂ 5 ᠬᠤᠳᠳᠤᠭ ᠢ ᠰᠢᠨ᠎ᠡ ᠪᠠᠷ ᠮᠠᠯᠲᠠᠵᠤ᠂ ᠲᠣᠰᠬᠤᠨ ᠤ | ᠠᠷᠠᠳ ᠤᠨ ᠤᠶᠢᠯᠡᠳᠪᠤᠷᠢᠯᠡᠯ ᠠᠮᠢᠳᠤᠷᠠᠯ ᠢ ᠪᠠᠳᠤᠯᠠᠵᠤ᠂ ᠲᠣᠰᠬᠤᠨ ᠤ ᠳᠦᠷᠰᠦ ᠪᠠᠶᠢᠳᠠᠯ ᠢ ᠬᠤᠪᠢᠷᠠᠭᠤᠯᠪᠠ᠃ | | | | | ᠯᠢᠦ ᠱᠦ ᠲᠢᠩ ᠱᠧᠩ ᠯᠢ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠣᠰᠬᠤᠨ ᠤ | ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠡᠶ᠃ 2015 ᠣᠨ ᠳᠤ ᠲᠣᠰᠬᠤᠨ ᠤ ᠰᠤᠯᠠᠪᠠᠶᠢᠭᠠ | ᠲᠠᠯᠠᠪᠠᠢ ᠶᠢ ᠠᠰᠢᠭᠯᠠᠵᠤ᠂ ᠥᠪᠥᠷ ᠮᠣᠩᠭᠤᠯ ᠤᠨ ᠰᠦᠯᠢᠶᠣᠣ ᠴᠠᠪᠠᠤ ᠶᠢᠨ ᠬᠢᠵᠠᠭᠠᠷᠲᠤ ᠺᠣᠮᠫᠠᠨᠢ ᠶᠢᠨ | ᠲᠠᠷᠢᠶᠠᠯᠠᠩ ᠤᠨ ᠬᠠᠶᠠᠭᠳᠠᠮᠠᠯ ᠰᠦᠯᠢᠶᠣᠣ ᠶᠢ ᠡᠭᠡᠭᠦᠯᠦᠨ ᠬᠤᠷᠢᠶᠠᠵᠤ ᠪᠣᠯᠪᠠᠰᠤᠷᠠᠭᠤᠯᠬᠤ ᠳᠤ ᠤᠰᠤᠯᠠᠬᠤ | ᠪᠦᠰᠡ ᠶᠢᠨ ᠲᠥᠷᠥᠯ ᠵᠤᠶᠢᠯ ᠢ ᠣᠷᠣᠭᠤᠯᠤᠨ ᠠᠪᠴᠢᠷᠠᠵᠤ᠂ ᠪᠥᠬᠦ ᠰᠢᠶᠠᠨ ᠤ ᠲᠠᠷᠢᠶᠠᠯᠠᠩ ᠤᠨ ᠨᠢᠮᠭᠡᠨ ᠪᠦᠷᠬᠦᠭᠦᠯ᠂ | ᠬᠢᠯᠭᠠᠰᠤᠨ ᠬᠤᠭᠤᠯᠠᠶ ᠵᠡᠷᠭᠡ ᠬᠠᠶᠠᠭᠳᠠᠮᠠᠯ ᠰᠦᠯᠢᠶᠣᠣ ᠶᠢ ᠡᠭᠡᠭᠦᠯᠦᠨ ᠬᠤᠷᠢᠶᠠᠵᠤ ᠡᠳ᠋ᠰᠢᠭᠦᠯᠦᠨ ᠳᠠᠬᠢᠨ | ᠠᠰᠢᠭᠯᠠᠬᠤ ᠪᠣᠯᠤᠨ᠎ᠠ᠃ ᠬᠥᠳᠡᠭᠡ ᠠᠵᠤ ᠠᠬᠤᠢ ᠶᠢᠨ ᠰᠦᠯᠢᠶᠣᠣ ᠶᠢᠨ ᠥᠪᠡᠷ ᠤᠨ ᠥᠷᠲᠡᠭ ᠢ ᠬᠠᠭᠠᠰ ᠠᠷᠪᠢᠯᠠᠵᠤ᠂ | ᠭᠠᠴᠠᠭᠠᠨ ᠤ ᠬᠠᠮᠲᠤ ᠶᠢᠨ ᠵᠢᠯ ᠪᠦᠷᠢ ᠲᠠᠯᠠᠪᠠᠢ ᠲᠦᠷᠢᠶᠡᠰᠦᠯᠡᠬᠦ ᠰᠦᠢᠳᠬᠡᠯ 3 ᠲᠦᠮᠡᠨ ᠲᠥᠭᠦᠷᠢᠭ ᠬᠤᠷᠢᠶᠠᠵᠤ | ᠪᠣᠯᠤᠨ᠎ᠠ᠃ | ᠯᠢᠦ ᠱᠦ ᠲᠢᠩ ᠪᠣᠯᠤᠨ ᠲᠣᠰᠬᠤᠨ ᠤ ᠨᠠᠮ ᠤᠨ ᠬᠤᠷᠢᠶᠠᠨ ᠤ ᠬᠤᠶᠠᠷ ᠪᠠᠭ ᠤᠨ ᠴᠢᠷᠮᠠᠶᠢᠯᠭ᠎ᠠ ᠪᠠᠷ᠂ | ᠱᠧᠩ ᠯᠢ ᠲᠣᠰᠬᠤᠨ 6800 ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠬᠠᠷᠢᠯᠴᠠᠨ ᠬᠠᠪᠰᠤᠷᠤᠯᠴᠠᠬᠤ ᠵᠣᠯ | ᠵᠢᠷᠭᠠᠯ ᠤᠨ ᠬᠦᠷᠢᠶᠡᠯᠡᠩ ᠢ ᠪᠠᠶᠢᠭᠤᠯᠵᠤ᠂ 96 ᠡᠷᠦᠬᠡ ᠥᠨᠥᠴᠢᠨ ᠪᠡᠯᠪᠡᠰᠦᠨ᠂ ᠬᠤᠭᠤᠰᠣᠨ ᠭᠡᠷ ᠲᠠᠢ ᠨᠠᠰᠤᠲᠠᠨ ᠢ | ᠪᠠᠭᠳᠠᠭᠠᠵᠤ ᠲᠠᠶᠢᠯᠤᠨ᠎ᠠ᠃ ᠳᠣᠣᠷ᠎ᠠ ᠲᠠᠪᠤᠨ ᠪᠠᠲᠤᠯᠠᠭᠠᠲᠤ ᠡᠷᠦᠬᠡ ᠣᠷᠣᠵᠤ ᠰᠠᠭᠤᠨ᠎ᠠ᠂ ᠪᠠᠰᠠ ᠠᠷᠠᠳ ᠲᠤ | ᠳᠥᠭᠦᠮ ᠦᠵᠡᠭᠦᠯᠬᠦ ᠬᠡᠲᠦ ᠳᠡᠯᠭᠡᠭᠦᠷ᠂ ᠡᠮᠨᠡᠯᠭᠡ ᠶᠢᠨ ᠲᠠᠰᠤᠭ᠂ ᠰᠣᠶᠣᠯ ᠤᠨ ᠬᠥᠳᠡᠯᠭᠡᠭᠡᠨ ᠤ ᠲᠠᠰᠤᠭ᠂ ᠨᠣᠮ ᠤᠨ | ᠥᠷᠥᠭᠡ ᠵᠡᠷᠭᠡ ᠶᠢ ᠲᠥᠬᠦᠷᠵᠢᠭᠦᠯᠵᠦ᠂ ᠨᠠᠰᠤᠲᠠᠨ ᠤ ᠪᠣᠳᠠᠰ ᠤᠨ ᠪᠠ ᠣᠶᠤᠨ ᠤ ᠠᠮᠢᠳᠤᠷᠠᠯ ᠤᠨ ᠬᠡᠷᠡᠭᠴᠡᠭᠡ ᠶᠢ | ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠭᠦᠨᠵᠡᠭᠡᠶᠢᠷᠡᠨ ᠥᠷᠨᠢᠬᠦ ᠶᠢ | ᠳᠠᠭᠠᠯᠳᠤᠨ᠂ ᠭᠠᠴᠠᠭᠠᠨ ᠤ ᠬᠥᠮᠦᠰ ᠠᠶᠢᠯ ᠪᠣᠯᠭᠠᠨ ᠰᠢᠨ᠎ᠡ ᠭᠡᠷ ᠪᠠᠷᠢᠵᠤ᠂ ᠡᠷᠦᠬᠡ ᠪᠣᠯᠭᠠᠨ ᠬᠦᠷᠢᠶ᠎ᠡ ᠬᠠᠰᠢᠶ᠎ᠠ | ᠪᠠᠷᠢᠵᠤ᠂ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ ᠪᠠᠶᠢᠨ᠎ᠠ᠃ ᠯᠢᠦ ᠱᠦ ᠲᠢᠩ ᠪᠠᠰᠠ ᠲᠣᠰᠬᠤᠨ ᠤ | ᠣᠷᠴᠢᠨ ᠲᠣᠭᠤᠷᠢᠨ ᠤ ᠵᠠᠰᠠᠯᠲᠠ ᠳᠤ ᠠᠩᠬᠠᠷᠤᠯ ᠢᠶᠠᠨ ᠬᠠᠨᠳᠤᠭᠤᠯᠵᠠᠶ᠃ ᠲᠡᠷᠡ ᠭᠠᠴᠠᠭᠠᠨ ᠤ ︽ᠬᠤᠶᠠᠷ ᠵᠥᠪᠯᠡᠯ︾ | ᠳᠤ ᠰᠠᠨᠠᠭᠤᠯᠭ᠎ᠠ ᠭᠠᠷᠭᠠᠵᠤ᠂ ᠪᠦᠬᠦ ᠭᠠᠴᠠᠭᠠᠨ ᠤ ᠬᠢᠯᠢ ᠳᠣᠲᠣᠷ᠎ᠠ ᠪᠠᠶᠢᠩᠭᠤᠵᠢᠭᠰᠠᠨ ᠴᠡᠪᠡᠷᠯᠡᠬᠦ ᠴᠡᠪᠡᠷᠯᠡᠬᠦ | ᠠᠵᠢᠯ ᠬᠢᠵᠡᠢ᠃ ᠣᠳᠣ ᠶᠢᠨ ᠮᠠᠶ ᠱᠧᠩ ᠲᠣᠰᠬᠤᠨ ᠲᠣᠰᠬᠤᠨ ᠤ ᠭᠡᠷ ᠤᠨ ᠠᠷᠤ ᠲᠠᠯ᠎ᠠ ᠪᠣᠯᠤᠨ ᠵᠠᠮ ᠤᠨ ᠬᠤᠶᠠᠷ | ᠲᠠᠯ᠎ᠠ ᠨᠢ ᠴᠡᠪᠡᠷ ᠲᠡᠭᠰᠢ ᠪᠠᠷ ᠲᠣᠰᠬᠤᠨ ᠤ ᠤᠷᠴᠢᠨ ᠲᠣᠭᠤᠷᠢᠨ ᠳᠤ ᠦᠨᠳᠦᠰᠦᠨ ᠴᠢᠨᠠᠷᠲᠠᠶ ᠬᠤᠪᠢᠷᠠᠯᠲᠠ | ᠭᠠᠷᠴᠠᠶ᠃ ᠲᠣᠰᠬᠤᠨ ᠤ ᠠᠷᠠᠳ ᠭᠤᠶᠤ ᠰᠠᠶᠢᠬᠠᠨ ᠣᠷᠴᠢᠨ ᠲᠣᠭᠤᠷᠢᠨ ᠳᠤ ᠠᠮᠤᠷ ᠵᠢᠮᠦᠷ ᠠᠵᠤ ᠲᠥᠷᠥᠵᠡᠢ᠃ | ᠡᠭᠦᠨ ᠠᠴᠠ ᠭᠠᠳᠠᠨ᠎ᠠ᠂ ᠲᠡᠷᠡ ᠪᠠᠰᠠ ᠭᠠᠴᠠᠭᠠᠨ ᠤ ᠠᠷᠠᠳ ᠤᠨ ᠵᠥᠪᠯᠡᠯ ᠤᠨ ᠭᠡᠷ ᠪᠠᠶᠢᠰᠢᠩ᠂ ᠬᠦᠷᠢᠶ᠎ᠡ | ᠬᠠᠰᠢᠶ᠎ᠠ ᠶᠢ ᠲᠦᠷᠦᠭᠦᠯᠡᠨ ᠰᠡᠯᠪᠢᠨ ᠵᠠᠰᠠᠵᠤ᠂ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠰᠢᠷᠡᠭᠡ ᠰᠠᠨᠳᠠᠯᠢ | ᠺᠣᠮᠫᠢᠦ᠋ᠲ᠋ᠧᠷ ᠵᠡᠷᠭᠡ ᠠᠯᠪᠠᠨ ᠬᠡᠷᠡᠭᠰᠡᠯ ᠨᠡᠮᠡᠵᠦ᠂ ᠲᠣᠰᠬᠤᠨ ᠤ ᠬᠤᠶᠠᠷ ᠵᠥᠪᠯᠡᠯ ᠤᠨ ᠠᠵᠢᠯᠯᠠᠬᠤ ᠭᠠᠵᠠᠷ ᠤᠨ | ᠳᠦᠷᠰᠦ ᠪᠠᠶᠢᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ | ᠮᠠᠨ ᠤ ᠭᠠᠴᠠᠭᠠᠨ ᠤ ᠡᠷᠬᠢᠯᠡᠭᠴᠢ ᠪᠣᠯ ᠴᠡᠷᠢᠭ ᠠᠴᠠ ᠬᠠᠯᠠᠭᠳᠠᠭᠰᠠᠳ ᠭᠠᠷᠤᠯ ᠲᠠᠢ ᠪᠣᠯᠬᠤᠷ ᠠᠵᠢᠯ ᠳᠠᠭᠠᠨ | ᠤᠨᠴᠠᠭᠠᠢ ᠨᠠᠷᠢᠨ ᠬᠢᠨᠠᠮᠠᠭᠠᠢ ᠬᠠᠨᠳᠤᠳᠠᠭ᠃ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠲᠠᠯ᠎ᠠ ᠪᠠᠷ ᠮᠠᠰᠢ ᠶᠡᠭᠡ ᠬᠦᠴᠦ ᠬᠦᠳᠡᠯᠮᠦᠷᠢ ᠭᠠᠷᠭᠠᠵᠠᠢ᠃ ᠡᠳᠦᠷ ᠪᠦᠷᠢ ᠡᠷᠲᠡᠯᠡᠵᠦ | ᠣᠷᠦ᠋ᠢᠯᠠᠨ ᠶᠠᠳᠠᠭᠤ ᠬᠦᠴᠢᠷᠳᠡᠯᠲᠡᠢ ᠡᠷᠦᠬᠡ ᠶᠢ ᠰᠤᠷᠪᠤᠯᠵᠢᠯᠠᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠪᠣᠳᠠᠲᠠᠢ | ᠬᠦᠴᠢᠷᠳᠡᠯ ᠢ ᠣᠶᠢᠯᠠᠭᠠᠵᠤ᠂ ᠠᠷᠭ᠎ᠠ ᠪᠣᠳᠣᠵᠤ ᠪᠡᠯᠡ ᠮᠥᠩᠭᠦ ᠪᠤᠶᠤ ᠠᠵᠤ ᠦᠢᠯᠡᠰ ᠤᠨ ᠲᠠᠯ᠎ᠠ ᠪᠠᠷ ᠬᠠᠪᠰᠤᠷᠤᠯᠭ᠎ᠠ | ᠦᠵᠡᠭᠦᠯᠬᠦ ᠪᠣᠯ ᠲᠣᠰᠬᠤᠨ ᠤ ᠠᠷᠠᠳ ᠤᠨ ᠳᠣᠲᠣᠨᠣ ᠬᠥᠮᠦᠨ᠂ ᠰᠠᠶᠢᠨ ᠡᠷᠬᠢᠯᠡᠭᠴᠢ ᠪᠣᠯᠤᠨ᠎ᠠ᠃︾ ᠭᠡᠵᠦ ᠯᠢᠦ | ᠰᠦ ᠲᠢᠩ ᠢ ᠬᠡᠯᠡᠪᠡᠯ᠂ ᠱᠧᠩ ᠯᠢ ᠲᠣᠰᠬᠤᠨ ᠤ ᠨᠠᠮ ᠤᠨ ᠡᠭᠦᠷ ᠤᠨ ᠱᠦᠵᠢ ᠢᠦᠢ ᠯᠢᠨ ᠶᠤᠸᠠᠨ ᠢᠩᠭᠢᠵᠦ | ᠦᠨᠡᠯᠡᠪᠡ᠃ 2018 ᠣᠨ ᠤ ᠡᠪᠦᠯ᠂ ᠱᠧᠩ ᠯᠢ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠠᠵᠢᠯ | ᠬᠠᠮᠤᠭ ᠤᠨ ᠬᠦᠴᠢᠷᠲᠡᠶ ᠦᠶ᠎ᠡ ᠳᠤ ᠯᠢᠦ ᠰᠦ ᠲᠢᠩ ᠶᠡᠷᠦ ᠨᠢ ᠴᠠᠰᠤ ᠰᠢᠭᠤᠷᠭᠠᠨ ᠢᠶᠠᠷ ᠢᠷᠡᠭᠰᠡᠨ ᠶᠤᠮ᠃ ᠪᠡᠶ᠎ᠡ | ᠳᠡᠭᠡᠷᠡᠬᠢ ᠴᠠᠰᠤ ᠶᠢ ᠠᠯᠠᠭᠠᠳᠠᠵᠤ ᠠᠪᠤᠭᠠᠳ᠄ ᠭᠠᠷ ᠨᠤᠬᠤᠯᠠᠨ ᠰᠠᠭᠤᠭᠠᠳ ᠤᠯᠠᠨ ᠲᠠᠢ ᠬᠠᠮᠲᠤ ᠠᠵᠢᠯᠯᠠᠵᠤ᠂ | ᠶᠠᠳᠠᠷᠠᠪᠠᠯ ᠬᠥᠪᠥᠩ ᠳᠡᠪᠡᠯ ᠢᠶᠠᠨ ᠪᠦᠲᠡᠭᠡᠵᠦ ᠱᠠᠹᠠ ᠳᠡᠭᠡᠷ᠎ᠡ ᠬᠡᠳᠦᠨ ᠮᠢᠨᠦ᠋ᠲ ᠤᠨᠲᠠᠨ᠎ᠠ᠃ ᠤᠨᠲᠠᠵᠤ ᠰᠡᠷᠢᠭᠡᠳ | ᠦᠷᠭᠦᠯᠵᠢᠯᠡᠨ ᠠᠵᠢᠯᠯᠠᠨ᠎ᠠ᠂ ᠦᠷᠭᠦᠯᠵᠢ ᠰᠥᠨᠢ ᠳᠦᠯᠢ ᠶᠢᠨ ᠨᠢᠭᠡ ᠬᠤᠶᠠᠷ ᠴᠠᠭ ᠲᠤ ᠰᠠᠶ᠋ᠢ ᠭᠡᠷ ᠲᠡᠭᠡᠨ ᠬᠠᠷᠢᠵᠤ | ᠠᠮᠠᠷᠠᠨ᠎ᠠ᠃ | ᠯᠢᠦ ᠱᠦ ᠲᠢᠩ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ | ᠬᠠᠷᠢᠭᠤᠴᠠᠭᠰᠠᠨ ᠠᠴᠠ ᠨᠠᠰᠢ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠥᠪᠡᠷ ᠤᠨ ᠰᠠᠳᠤᠨ ᠲᠥᠷᠥᠯ ᠢᠶᠠᠨ | ᠪᠣᠯᠭᠠᠵᠤ᠂ ᠱᠧᠩ ᠯᠢ ᠲᠣᠰᠬᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠥᠪᠡᠷ ᠤᠨ ᠡᠭᠦᠷᠭᠡ ᠪᠠᠨ | ᠪᠣᠯᠭᠠᠵᠠᠶ᠃ ᠡᠳᠦᠷ ᠪᠦᠷᠢ ᠠᠶᠢᠯ ᠡᠷᠦᠬᠡ ᠲᠣᠭᠤᠷᠢᠵᠤ᠂ ᠪᠠᠶᠢᠳᠠᠯ ᠢ ᠣᠶᠢᠯᠠᠭᠠᠵᠤ᠂ ᠠᠷᠭ᠎ᠠ ᠪᠤᠳᠤᠵᠤ᠂ | ᠬᠥᠭᠵᠢᠭᠦᠯᠬᠦ ᠪᠠᠷ ᠴᠢᠷᠮᠠᠶᠢᠵᠤ᠂ ᠡᠳᠦᠷ ᠢᠷᠡᠬᠦᠶ᠎ᠡ ᠣᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ᠂ | ᠰᠠᠨᠠᠭᠠᠰᠢᠷᠠᠵᠤ ᠪᠠᠶᠢᠭ᠎ᠠ ᠤᠴᠢᠷ ᠶᠠᠪᠤᠳᠠᠯ ᠢ ᠰᠢᠢᠳᠪᠤᠷᠢᠯᠡᠬᠦ ᠶᠢᠨ ᠲᠥᠯᠥᠭᠡ ᠶᠠᠭᠠᠷᠠᠯᠳᠤᠵᠤ ᠪᠠᠶᠢᠨ᠎ᠠ᠃ | ᠲᠣᠰᠬᠤᠨ ᠤ ᠵᠤᠤ ᠡᠯ ᠸᠠ ᠶᠢᠨ ᠨᠢᠭᠡ ᠭᠡᠷ ᠤᠨ ᠠᠮᠢᠳᠤᠷᠠᠯ ᠨᠢ ᠪᠦᠷ ᠲᠤᠩ ᠬᠦᠴᠢᠷᠲᠡᠶ᠃ ᠡᠷ᠎ᠡ ᠡᠮ᠎ᠡ ᠬᠤᠶᠠᠭᠤᠯᠠ | ᠨᠠᠰᠤ ᠠᠬᠠᠰᠢᠷᠠᠵᠤ᠂ ᠬᠡᠳᠦᠨ ᠮᠦ ᠨᠢᠮᠭᠡᠨ ᠲᠠᠷᠢᠶ᠎ᠠ ᠪᠠᠷ ᠠᠮᠢ ᠵᠢᠭᠤᠵᠤ ᠪᠠᠶᠢᠨ᠎ᠠ︔ ᠬᠦᠦ ᠨᠢ ᠤᠷᠤᠭ ᠰᠠᠯᠵᠤ᠂ ᠵᠢᠯ | ᠲᠤᠷᠰᠢ ᠭᠠᠳᠠᠨ᠎ᠠ ᠬᠥᠯᠥᠰᠥᠨ ᠠᠵᠢᠯ ᠬᠢᠵᠦ᠂ ᠣᠷᠣᠯᠭ᠎ᠠ ᠨᠢ ᠪᠠᠭ᠎ᠠ ᠣᠮᠪᠣᠯᠣ ᠶᠡᠭᠡ ᠰᠤᠷᠭᠠᠭᠤᠯᠢ ᠳᠤ | ᠰᠤᠷᠤᠯᠴᠠᠵᠤ ᠪᠠᠶᠢᠨ᠎ᠠ᠂ ᠰᠤᠷᠤᠯᠭ᠎ᠠ ᠶᠢᠨ ᠰᠦᠢᠳᠬᠡᠯ ᠪᠣᠯ ᠭᠡᠷ ᠤᠨ ᠬᠠᠮᠤᠭ ᠶᠡᠭᠡ ᠵᠠᠷᠤᠯᠭ᠎ᠠ ᠪᠣᠯᠤᠨ᠎ᠠ᠃ | ᠰᠤᠷᠭᠠᠭᠤᠯᠢ ᠡᠬᠢᠯᠡᠬᠦ ᠪᠦᠷᠢ ᠵᠣᠣ ᠡᠯ ᠬᠦᠤ ᠬᠤᠶᠠᠭᠤᠯᠠ ᠪᠦᠷ ᠣᠮᠪᠣᠯᠣ ᠶᠢᠨ ᠢᠶᠠᠨ ᠰᠤᠷᠤᠯᠭ᠎ᠠ ᠶᠢᠨ ᠵᠠᠷᠤᠳᠠᠯ ᠤᠨ | ᠲᠥᠯᠥᠭᠡ ᠵᠣᠪᠠᠳᠠᠭ᠃ ᠯᠢᠦ ᠰᠦ ᠲᠢᠩ ᠡᠭᠦᠨ ᠢ ᠮᠡᠳᠡᠭᠰᠡᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠡᠷᠢᠵᠦ ᠢᠷᠡᠪᠡ | ᠃ ᠮᠠᠲ᠋ᠧᠷᠢᠶᠠᠯ ᠴᠤᠭᠯᠠᠭᠤᠯᠵᠤ᠂ ᠬᠢᠨᠠᠨ ᠵᠥᠪᠰᠢᠶᠡᠷᠡᠵᠦ ᠳᠡᠭᠡᠭᠰᠢ ᠮᠡᠳᠡᠭᠦᠯᠵᠦ᠂ ᠲᠡᠳᠡᠨ ᠤ ᠭᠡᠷ ᠢ ᠶᠠᠳᠠᠭᠤ | ᠬᠦᠴᠢᠷᠳᠡᠯᠳᠡᠢ ᠡᠷᠦᠬᠡ ᠭᠡᠵᠦ ᠢᠯᠭᠠᠨ ᠲᠠᠨᠢᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ᠂ ᠡᠷᠡᠭᠦᠯ | ᠮᠡᠨᠳᠦ ᠪᠠᠷ ᠶᠠᠳᠠᠭᠤ ᠶᠢ ᠲᠡᠳᠬᠦᠬᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠦᠨᠳᠦᠰᠦᠨ ᠵᠦᠢᠯ ᠢ ᠪᠠᠲᠤᠯᠠᠬᠤ | ᠵᠡᠷᠭᠡ ᠡᠯ᠎ᠡ ᠲᠥᠷᠥᠯ ᠤᠨ ᠲᠥᠷᠦ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠢ ᠪᠠᠷ ᠨᠠᠶᠢᠳᠠᠪᠤᠷᠢᠵᠢᠭᠤᠯᠵᠤ᠂ | ᠲᠡᠳᠡᠨ ᠢ ᠬᠠᠪᠰᠤᠷᠤᠨ ᠬᠦᠴᠢᠷᠳᠡᠯ ᠠᠴᠠ ᠠᠩᠬᠢᠵᠢᠷᠠᠭᠤᠯᠪᠠ᠃ | ᠵᠤᠨ ᠤ ᠰᠡᠭᠦᠯᠴᠢ ᠪᠠᠷ᠂ ᠳᠠᠭ᠎ᠠ ᠶᠢᠨ ᠨᠠᠭᠤᠷ ᠤᠨ ᠲᠠᠩ ᠨᠢ ᠢᠭᠴᠤ ᠰᠠᠬᠤᠯᠢᠭ᠃ ᠱᠧᠩ ᠯᠢ | ᠲᠣᠰᠬᠤᠨ ᠤ ᠳᠣᠲᠣᠷ᠎ᠠ᠂ ᠯᠢᠨ ᠴᠧᠩ ᠪᠦᠰᠡ᠂ ᠯᠦ ᠴᠧᠩ ᠰᠦᠯᠵᠢᠶ᠎ᠡ᠂ ᠴᠠᠭᠠᠨ ᠬᠡᠷᠡᠮ ᠤᠨ ᠤᠯᠠᠭᠠᠨ ᠸᠠᠭᠠᠷᠲᠤ | ᠭᠡᠷ ᠪᠠᠶᠢᠰᠢᠩ ᠨᠢ ᠡᠨᠡ ᠬᠤᠭᠤᠴᠠᠭᠠᠨ ᠳᠤ ᠲᠣᠰᠬᠤᠨ ᠤ ᠠᠷᠠᠳ ᠰᠠᠨᠠᠭ᠎ᠠ ᠠᠮᠤᠷ ᠪᠠᠶᠢᠯ᠎ᠠ᠃ ᠡᠰᠡᠬᠦᠯ᠎ᠡ ᠲᠠᠷᠢᠶᠠᠨ | ᠳᠤᠮᠳᠠ ᠲᠠᠷᠢᠶᠠᠯᠠᠬᠤ ᠪᠤᠶᠤ ᠵᠠᠮ ᠳᠡᠭᠡᠷ᠎ᠡ ᠶᠠᠪᠤᠬᠤ᠃ ᠡᠰᠡᠬᠦᠯ᠎ᠡ ᠲᠠᠪᠤ ᠭᠤᠷᠪᠠ ᠪᠠᠷ ᠰᠦᠷᠦᠭᠯᠡᠵᠦ᠂ ᠲᠩᠷᠢ ᠭᠠᠵᠠᠷ ᠢ | ᠶᠠᠷᠢᠯᠴᠠᠵᠤ᠂ ᠶᠠᠭ ᠯᠠ ᠦᠵᠡᠰᠬᠦᠯᠡᠩᠲᠦ ᠰᠠᠶᠢᠬᠠᠨ ᠬᠥᠳᠡᠭᠡ ᠨᠤᠲᠤᠭ ᠤᠨ ᠦᠵᠡᠮᠵᠢ ᠶᠢᠨ ᠵᠢᠷᠤᠭ ᠰᠢᠭ᠋᠃ | ᠭᠠᠴᠠᠭᠠᠨ ᠤ ᠵᠥᠪᠯᠡᠯ ᠤᠨ ᠡᠭᠦᠳᠡᠨ ᠳᠡᠭᠡᠷ᠎ᠡ ᠵᠣᠭᠰᠣᠵᠤ᠂ ᠯᠢᠦ ᠱᠦ ᠲᠢᠩ ᠢᠲᠡᠭᠡᠯ ᠲᠡᠭᠦᠯᠳᠡᠷ ᠢᠶᠠᠷ᠄ ︽ᠪᠢ | 2012 ᠣᠨ ᠳᠤ ᠲᠣᠰᠬᠤᠨ ᠤ ᠡᠷᠬᠢᠯᠡᠭᠴᠢ ᠪᠣᠯᠤᠭᠰᠠᠨ ᠠᠴᠠ ᠨᠠᠰᠢ᠂ ᠤᠰᠤ᠂ ᠴᠠᠬᠢᠯᠭᠠᠨ᠂ ᠵᠠᠮ ᠤᠨ ᠠᠵᠢᠯ ᠢ | ᠭᠤᠣᠯᠳᠠᠯᠭ᠎ᠠ ᠲᠠᠢ ᠬᠢᠵᠡᠶ᠃ 9 ᠠᠶᠢᠯ ᠲᠣᠰᠬᠤᠨ ᠳᠤ ᠪᠦᠷ ᠵᠠᠮ ᠬᠠᠲᠠᠭᠤᠷᠠᠵᠤ᠂ ᠤᠰᠤ ᠴᠠᠬᠢᠯᠭᠠᠨ ᠨᠡᠪᠲᠡᠷᠡᠵᠡᠶ᠃ | ᠲᠣᠰᠬᠤᠨ ᠤ ᠠᠷᠠᠳ ᠤᠨ ᠶᠠᠪᠤᠵᠤ ᠰᠠᠭᠤᠬᠤ ᠪᠠ ᠤᠰᠤ ᠢᠳᠡᠬᠦ᠂ ᠴᠠᠬᠢᠯᠭᠠᠨ ᠬᠡᠷᠡᠭᠯᠡᠬᠦ ᠠᠰᠠᠭᠤᠳᠠᠯ ᠢ | ᠰᠢᠢᠳᠪᠤᠷᠢᠯᠡᠪᠡ᠃ ᠬᠡᠳᠦ᠋ᠢᠪᠡᠷ ᠠᠵᠢᠯ ᠤᠨ ᠳᠤᠮᠳᠠ ᠮᠠᠰᠢ ᠣᠯᠠᠨ ᠬᠦᠴᠢᠷᠳᠡᠯ ᠲᠤᠯᠭᠠᠷᠠᠭᠰᠠᠨ ᠪᠣᠯᠪᠠᠴᠤ ᠪᠢᠳᠡ | ᠬᠦᠴᠢᠷ ᠪᠡᠷᠬᠡᠰᠢᠶᠡᠯ ᠠᠴᠠ ᠵᠠᠶᠢᠯᠠᠬᠤ ᠦᠭᠡᠢ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠠᠷᠠᠳ ᠤᠨ ᠲᠥᠯᠥᠭᠡ ᠰᠠᠶᠢᠨ ᠶᠠᠪᠤᠳᠠᠯ ᠬᠢᠬᠦ ᠬᠡᠷᠡᠭᠲᠡᠶ᠃ ᠡᠨᠡ ᠬᠦ ᠡᠷᠡᠰ ᠬᠠᠲᠠᠭᠤ | ᠵᠠᠩ ᠠᠷᠠᠨᠰᠢᠨ ᠲᠠᠢ ︽ᠴᠡᠷᠢᠭ︾ ᠡᠷᠬᠢᠯᠡᠭᠴᠢ ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠶᠠᠳᠠᠭᠤ | ᠬᠦᠴᠢᠷᠳᠡᠯ ᠤᠨ ᠰᠢᠢᠳᠪᠦᠷᠢᠲᠦ ᠳᠠᠶᠢᠯᠠᠯᠳᠤᠭᠠᠨ ᠬᠢᠵᠦ᠂ 2019 ᠤᠨ ᠪᠣᠯᠲᠠᠯ᠎ᠠ᠂ ᠪᠦᠬᠦ ᠲᠣᠰᠬᠤᠨ ᠤ 135 | ᠡᠷᠦᠬᠡ ᠶᠢᠨ 292 ᠶᠠᠳᠠᠭᠤ ᠬᠦᠴᠢᠷᠳᠡᠯᠲᠡᠢ ᠤᠯᠠᠨ ᠲᠦᠮᠡᠨ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ | ᠣᠳᠣ᠂ ᠲᠡᠷᠡ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠳᠣᠷᠣᠨ᠎ᠠ ᠶᠢᠨ ᠰᠠᠯᠬᠢ ᠶᠢ ᠬᠡᠷᠬᠢᠨ ᠠᠰᠢᠭᠯᠠᠵᠤ᠂ ᠦᠵᠡᠰᠬᠦᠯᠡᠩᠲᠦ ᠰᠠᠶᠢᠬᠠᠨ ᠱᠧᠩ ᠯᠢ ᠲᠣᠰᠬᠤᠨ ᠢ ᠬᠡᠷᠬᠢᠨ | ᠪᠠᠶᠢᠭᠤᠯᠬᠤ ᠶᠢ ᠲᠥᠰᠦᠪᠯᠡᠵᠦ ᠪᠤᠶ᠃ ᠨᠤᠲᠤᠭ ᠤᠨ ᠠᠬ᠎ᠠ ᠳᠡᠭᠦᠤ ᠨᠡᠷ ᠢᠶᠠᠨ ᠨᠠᠩ ᠵᠣᠯ ᠵᠢᠷᠭᠠᠯ ᠲᠠᠢ ᠰᠠᠶᠢᠨ | ᠰᠠᠶᠢᠬᠠᠨ ᠠᠮᠢᠳᠤᠷᠠᠯ ᠢ ᠡᠳ᠋ᠯᠡᠭᠦᠯᠦᠨ᠎ᠡ ᠭᠡᠵᠦ ᠪᠤᠢ᠃ | | ᠰᠤᠷᠪᠤᠯᠵᠢᠯᠠᠭᠴᠢ ᠄ ᠰᠦᠩ ᠹᠦ᠋ ᠾᠧᠩ | ᠰᠦᠩ ᡁᠢ ᠲᠢᠩ ︵ᠳᠠᠳᠤᠯᠭ᠎ᠠ︶ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |