ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 8 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-09
    8 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠲᠠᠷᠤᠭ᠎ᠠ ᠢᠦᠢ ᠳ᠋ᠠᠶ ᠴᠢᠩ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 8 ᠳ᠋ᠤᠭᠠᠷ  ᠣᠣᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠮᠠᠨ ᠤ ᠰᠢᠶᠠᠨ ᠤ ᠤᠳᠤᠷᠢᠳᠤᠯᠭ᠎ᠠ ᡂᠢ ᠵᠢᠶᠠᠨ ᠹᠧᠩ᠂ ᠯᠢ ᠫᠢᠩ᠂ ᠵᠤᠤ ᠷᠦᠢ᠂ ᠳ᠋ᠦᠩ ᠶᠦᠩ ᠰᠢᠶᠠᠩ᠂ ᠱᠢ ᠼᠦᠢ ᠴᠢᠨ᠂ ᠵᠢᠶᠠ ᠰᠢᠶᠤᠤ ᠫᠢᠩ᠂ ᠵᠠᠩ ᠯᠢ ᠸᠧᠨ ᠬᠤᠷᠠᠯ ᠳᠤ ᠣᠷᠣᠯᠴᠠᠪᠠ᠃
        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 2020 ᠣᠨ ᠤ 7 ᠰᠠᠷ᠎ᠠ ᠶᠢᠨ 30 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ  ᠵᠢᠴᠢ ᠬᠤᠲᠠ ᠶᠢᠨ ᠨᠠᠮ ᠤᠨ ᠬᠤᠷᠢᠶᠠᠨ ᠤ ᠱᠦᠵᠢ ᠹᠧᠶ ᠳ᠋ᠦᠩ ᠪᠢᠨ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ  ᠲᠡᠭᠡᠷᠡᠬᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃
       ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯᠲᠠᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠶᠡᠷᠦᠩᠬᠡᠶ ᠱᠦᠵᠢ ᠶᠢᠨ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠶ ︽ᠲᠠᠪᠤᠨ ᠲᠠᠯ᠎ᠠ ᠶᠢᠨ ᠬᠦᠰᠡᠯ ᠡᠷᠡᠮᠡᠯᠵᠡᠯ︾ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠰᠢᠶᠠᠨ ᠤ ᠳᠣᠲᠣᠷᠠᠬᠢ ᠠᠵᠤ  ᠠᠬᠤᠶᠢᠯᠠᠯ ᠤᠨ ᠶᠠᠰᠤ ᠴᠢᠨᠠᠷ ᠨᠠᠩ ᠰᠠᠶᠢᠨ᠂ ᠦᠷ᠎ᠡ ᠠᠰᠢᠭ ᠨᠠᠩ ᠥᠨᠳᠥᠷ᠂ ᠥᠷᠢᠰᠦᠯᠳᠦᠬᠦ ᠬᠦᠴᠦᠨ ᠨᠠᠩ ᠴᠢᠩᠭ᠎ᠠ᠂  ᠨᠦᠯᠦᠭᠡᠯᠡᠬᠦ ᠬᠦᠴᠦᠨ ᠨᠠᠩ ᠶᠡᠭᠡ ᠬᠥᠭᠵᠢᠯᠲᠡ ᠶᠢ ᠪᠡᠶᠡᠯᠡᠭᠦᠯᠬᠦ ᠶᠢ ᠬᠥᠲᠥᠯᠦᠨ ᠵᠢᠯᠤᠭᠤᠳᠬᠤ ᠬᠡᠷᠡᠭᠳᠡᠢ ᠭᠡᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠵᠤ᠂ ᠣᠳᠣᠬᠠᠨ ᠤ ᠠᠵᠤ ᠠᠬᠤᠢ ᠶᠢᠨ  ᠪᠠᠶᠢᠳᠠᠯ ᠤᠨ ᠲᠤᠬᠠᠶ ᠲᠥᠪ ᠤᠨ ᠴᠢᠬᠤᠯᠠ ᠮᠠᠭᠠᠳᠯᠠᠯᠲᠠ ᠶᠢ ᠭᠦᠨᠵᠡᠭᠡᠶ ᠣᠶᠢᠯᠠᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠵᠠ ᠲᠣᠬᠢᠶᠠᠯ ᠤᠨ ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂  ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ  ᠪᠠᠶᠢᠳᠠᠯ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠮᠠᠨ ᠤ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ  ᠲᠦᠯᠦᠪᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ   ᠡᠵᠡᠮᠳᠡᠬᠦ ᠬᠤᠷᠢᠭᠯᠠᠨ ᠴᠣᠬᠢᠬᠤ ᠳᠠᠶᠢᠨ ᠪᠠ ᠶᠠᠳᠠᠭᠤ ᠠᠴᠠ  ᠠᠩᠬᠢᠵᠢᠷᠠᠭᠤᠯᠬᠤ ᠪᠡᠷᠬᠡ ᠰᠡᠳᠦᠪ ᠢ  ᠰᠢᠢᠳᠪᠤᠷᠢᠯᠡᠬᠦ ᠳᠠᠶᠢᠨ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ  ᠰᠠᠶᠢᠳᠤᠷ ᠬᠢᠵᠦ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ  ᠭᠡᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢᠨ ᠲᠣᠭᠤᠷᠢᠨ ᠳᠤ ᠪᠦᠬᠦ ᠬᠤᠲᠠ ᠶᠢᠨ ᠣᠳᠣᠬᠠᠨ ᠤ ᠪᠠᠶᠢᠳᠠᠯ ᠢ ᠣᠨᠣᠪᠴᠢᠲᠠᠶ ᠮᠠᠭᠠᠳᠯᠠᠨ᠎ᠠ᠃ ᠬᠥᠭᠵᠢᠯᠲᠡ ᠶᠢᠨ ᠴᠢᠭᠯᠡᠯ ᠢ ᠰᠢᠨᠵᠢᠯᠡᠬᠦ ᠤᠬᠠᠭᠠᠨᠴᠢ ᠪᠠᠷ ᠲᠥᠰᠦᠪᠯᠡᠬᠦ ᠨᠢ ᠮᠠᠰᠢ ᠴᠢᠩᠭ᠎ᠠ ᠵᠢᠯᠣᠭᠤᠳᠬᠤ ᠴᠢᠨᠠᠷ᠂ ᠬᠡᠷᠡᠭᠵᠢᠭᠦᠯᠬᠦ ᠴᠢᠨᠠᠷ ᠲᠠᠢ ᠶᠤᠮ᠃ ᠪᠦᠬᠦ ᠰᠢᠶᠠᠨ ᠢᠶᠠᠷ ᠢᠶᠠᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠰᠠᠶᠢᠲᠤᠷ ᠠᠳᠬᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ  ᠴᠢᠩᠭ᠎ᠠ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠬᠡᠷᠡᠭᠲᠡᠶ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠳᠤ ᠨᠡᠩ ᠤᠯᠠᠨ ᠬᠦᠷᠲᠡᠭᠡᠬᠦ ᠬᠡᠷᠡᠭᠲᠡᠢ ᠭᠡᠪᠡ᠃   ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠨᠡᠶᠢᠲᠡᠯᠡᠪᠡ᠃                                  ᠰᠤᠷᠪᠤᠯᠵᠢᠯᠠᠭᠴᠢ  ᠄ ᠱᠠᠩ ᠶᠦᠨ ᠰᠢᠶᠠ    ᠼᠤᠤ ᠵᠧᠨ                                  ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                  ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2