ᠯᠢᠶᠠᠩᠴᠧᠩ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ  ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/11
     9 ᠰᠠᠷ᠎ᠠ ᠶᠢᠨ 9 ᠤ ᠡᠳᠦᠷ᠂ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠮᠠ ᠶᠦᠩ ᠽᠠᠢ ᠬᠤᠷᠠᠯ ᠡᠷᠭᠢᠯᠡᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠳ᠋ᠦᠩ ᠹᠠᠩ᠂ ᠯᠢ ᠡᠤ ᠰᠢᠶᠠᠩ᠂ ᠴᠧᠨ  ᠿᠦᠢ ᠧ᠂ ᠢᠦᠶ ᠱᠦᠶ ᠮᠢᠩ ᠬᠤᠷᠠᠯ ᠳᠤ ᠣᠷᠣᠯᠴᠠᠵᠠᠶ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠴᠧᠨ  ᠸᠧᠢ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ ᠬᠤᠷᠠᠯ ᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠪᠦᠷᠢᠯᠳᠦᠭᠦᠨ 29 ᠬᠥᠮᠦᠨ᠂ ᠪᠣᠳᠠᠲᠠᠶ ᠣᠷᠣᠯᠴᠠᠭᠰᠠᠨ 22 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ  ᠨᠡᠶᠢᠴᠡᠪᠡ᠃      ᠰᠢᠶᠠᠨ ᠤ ᠠᠷᠠᠳ ᠤᠨ ᠵᠠᠰᠠᠭ ᠤᠨ ᠣᠷᠳᠣᠨ ᠤ 2020 ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ  ᠭᠦᠢᠴᠡᠳᠭᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ︔ 2019 ᠣᠨ ᠤ ᠪᠦᠬᠦ ᠰᠢᠶᠠᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ᠪᠠᠶᠢᠳᠠᠯ ᠪᠠ 2020 ᠣᠨ ᠤ  ᠲᠡᠭᠡᠷ᠎ᠡ ᠬᠠᠭᠠᠰ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠤ 2019 ᠣᠨ ᠤ ᠰᠢᠶᠠᠨ ᠤ ᠲᠤᠰ ᠱᠠᠲᠤᠨ ᠤ ᠲᠥᠰᠦᠪ ᠢ ᠭᠦᠢᠴᠡᠳᠬᠡᠭᠰᠡᠨ  ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠤ ᠠᠵᠢᠯ ᠵᠢᠴᠢ 2018 ᠣᠨ ᠤ ᠰᠢᠶᠠᠨ ᠤ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ  ᠪᠤᠳᠤᠵᠦ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ︔ 2019 ᠣᠨ ᠤ ᠪᠦᠬᠦ ᠰᠢᠶᠠᠨ ᠤ ᠡᠳ᠋ ᠤᠨ ᠵᠠᠰᠠᠭ ᠤᠨ ᠲᠥᠰᠦᠪ ᠤᠨ  ᠭᠦᠢᠴᠡᠳᠭᠡᠯ ᠢ ᠬᠢᠨᠠᠨ ᠪᠠᠶᠢᠴᠠᠭᠠᠵᠤ  ᠵᠦᠪᠰᠢᠶᠡᠷᠡᠪᠡ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠬᠤᠯᠪᠣᠭᠳᠠᠯ  ᠪᠦᠬᠦᠢ ᠠᠵᠢᠯ ᠤᠨ ᠵᠥᠪᠯᠡᠯ ᠤᠨ ᠳᠡᠳ᠋ ᠡᠷᠬᠢᠯᠡᠭᠴᠢ  ᠂  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠣᠳᠣᠬᠤ ᠲᠣᠪᠴᠢᠶ ᠎ᠠ ᠶᠢᠨ ᠬᠠᠷᠢᠭᠤᠴᠠᠯᠭᠠᠲᠠᠨ ᠲᠤᠰ ᠤᠳᠠᠭᠠᠨ ᠤ ᠬᠤᠷᠠᠯ ᠳᠤ ᠰᠤᠯᠠ ᠣᠷᠣᠯᠴᠠᠵᠠᠶ᠃                                     ᠵᠤᠬᠢᠶᠠᠭᠴᠢ᠄ ᠱᠠᠩ ᠶᠦᠨ ᠰᠢᠶᠠ                                    ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2