ᠸᠠᠩ ᠸᠧᠨ ᠪᠠᠭᠰᠢ ᠶᠢᠨ ᠪᠠᠶᠠᠷ ᠤᠨ ᠡᠳᠦᠷ ᠠᠴᠠ ᠡᠮᠦᠨᠡᠬᠡᠨ ᠰᠤᠷᠭᠠᠭᠤᠯᠢ ᠳᠤ ᠭᠦᠨᠵᠡᠭᠡᠶᠢᠷᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/11
     36 ᠳ᠋ᠤᠭᠠᠷ ᠪᠠᠭᠰᠢ ᠶᠢᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠳᠤ᠂ 9 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ  ᠸᠧᠨ ᠮᠠᠨ ᠤ ᠰᠢᠶᠠᠨ ᠤ ᠬᠡᠰᠡᠭ  ᠰᠤᠷᠭᠠᠭᠤᠯᠢ ᠳᠤ ᠭᠦᠨᠵᠡᠭᠡᠶᠢᠷᠡᠨ ᠪᠦᠬᠦ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠪᠦᠬᠦ ᠰᠢᠶᠠᠨ ᠤ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠡᠶ ᠃ ᠮᠠᠨ ᠤ ᠰᠢᠶᠠᠨ ᠤ ᠤᠳᠤᠷᠢᠳᠤᠯᠭ᠎ᠠ  ᠢᠦᠢ ᠳ᠋ᠠᠶ ᠴᠢᠩ᠂ ᠮᠠ ᠶᠦᠩ ᠽᠠᠢ᠂  ᠿᠧᠨ ᠳ᠋ᠦᠩ ᠮᠢᠩ᠂ ᠴᠧᠨ  ᠿᠦᠢ ᠧ᠂ ᠱᠢ ᠼᠦᠢ ᠴᠢᠨ᠂ ᠵᠧᠩ ᠶᠠᠨ ᠹᠠᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃
         ᠸᠠᠩ ᠸᠧᠨ ᠨᠠᠷ ᠤᠷᠢᠳ ᠬᠤᠵᠢᠳ ᠿᠢ ᠱᠧᠩ ︵ᠬᠤᠸᠠᠢ ᠿᠧᠨ︶ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠴᠢᠦ ᠱᠢ ᠯᠢᠶᠠᠩ ᠴᠧᠩ ᠳᠠᠬᠢ ᠬᠤᠪᠢᠶᠠᠷᠢ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠦᠨᠳᠦᠰᠦᠲᠡᠨ ᠤ ᠪᠠᠭ᠎ᠠ ᠰᠤᠷᠭᠠᠭᠤᠯᠢ ᠳᠤ ᠬᠦᠷᠴᠦ᠂ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠪᠠ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ  ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠤᠯᠤᠰ  ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ ᠵᠢᠭᠠᠨ ᠰᠤᠷᠭᠠᠭᠰᠠᠨ ᠤ  ᠲᠠᠷᠠᠭ᠎ᠠ ᠶᠠᠮᠠᠷ ᠬᠦᠴᠢᠷᠳᠡᠯ ᠲᠤᠯᠭᠠᠷᠠᠵᠤ ᠪᠠᠶᠢᠬᠤ ᠶᠢ ᠨᠠᠷᠢᠨ ᠠᠰᠠᠭᠤᠵᠤ᠂ ᠵᠢᠴᠢ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠠᠭᠰᠢ ᠲᠣᠬᠢᠷᠠᠭᠤᠯᠬᠤ ᠪᠠ ᠰᠤᠷᠭᠠᠭᠤᠯᠢ ᠡᠷᠬᠢᠯᠡᠬᠦ ᠳᠤ  ᠤᠷᠤᠰᠢᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠬᠦ ᠶᠢᠨ ᠬᠠᠮᠲᠤ ᠰᠤᠷᠭᠠᠨ ᠬᠥᠮᠦᠵᠢᠯ ᠤᠨ ᠠᠵᠢᠯᠲᠠᠳ ᠲᠠᠢ ᠶᠠᠷᠢᠯᠴᠠᠬᠤ  ᠬᠤᠷᠠᠯ ᠬᠢᠵᠠᠢ᠃
            ᠸᠠᠩ ᠸᠧᠨ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ  ᠢᠨᠵᠧᠨᠧᠷᠢᠩ ᠮᠥᠨ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠰᠤᠷᠭᠠᠨ ᠬᠥᠮᠦᠵᠢᠯ ᠤᠨ ᠠᠵᠢᠯ ᠢ  ᠲᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠢᠯᠢᠳᠡᠭ ᠰᠤᠷᠭᠠᠨ  ᠬᠦᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ  ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠠ᠃ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠨᠢ ᠪᠦᠬᠦ ᠰᠢᠶᠠᠨ ᠤ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠰᠢᠷᠭᠠᠭᠤ ᠬᠥᠳᠡᠯᠮᠦᠷᠢ ᠠᠴᠠ ᠰᠠᠯᠵᠤ ᠴᠢᠳᠠᠬᠤ ᠦᠭᠡᠢ᠂ ᠣᠯᠠᠨ ᠢᠶᠠᠷ ᠢᠶᠠᠨ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠰᠡᠳᠬᠢᠯ ᠰᠠᠨᠠᠭ᠎ᠠ ᠪᠠᠨ ᠵᠠᠰᠠᠵᠤ᠂ ᠶᠣᠰᠣ ᠰᠤᠷᠲᠠᠬᠤᠨ ᠢᠶᠠᠨ ᠵᠠᠰᠠᠬᠤ ᠶᠢ ᠬᠦᠰᠡᠵᠦ ᠪᠠᠶᠢᠨ᠎ᠠ᠂ ᠴᠢᠷᠮᠠᠶᠢᠨ ᠠᠵᠢᠯᠯᠠᠵᠤ᠂ ᠴᠡᠴᠡᠷᠯᠢᠭᠴᠢ ᠶᠢᠨ ᠵᠣᠷᠢᠭ ᠰᠠᠨᠠᠭ᠎ᠠ ᠶᠢ ᠦᠨᠡᠨᠬᠦ ᠪᠠᠳᠠᠷᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠢᠷᠠᠭᠤ  ᠠᠯᠳᠠᠷᠳᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠳᠠᠭᠠᠨ  ᠤᠷᠤᠯᠴᠠᠬᠤ ᠬᠡᠷᠡᠭᠳᠡᠢ ᠭᠡᠪᠡ᠃
        ᠸᠠᠩ ᠸᠧᠨ ᠱᠠᠭᠠᠷᠳᠠᠭᠰᠠᠨ ᠨᠢ᠂ ᠠᠷᠠᠳ ᠠᠴᠠ ᠡᠷᠬᠢᠯᠡᠭᠰᠡᠨ ᠰᠤᠷᠭᠠᠭᠤᠯᠢ ᠳᠠᠬᠢ ᠨᠠᠮ ᠤᠨ ᠤᠳᠤᠷᠢᠳᠤᠯᠭ᠎ᠠ ᠶᠢ  ᠴᠢᠩᠭᠠᠳᠬᠠᠬᠤ ᠬᠡᠷᠡᠭᠲᠡᠶ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ  ᠬᠠᠮᠠᠭᠠᠯᠠᠬᠤ ᠤᠶᠢᠯᠡᠳᠤᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ  ᠤᠶᠢᠯᠡᠳᠤᠯ ᠢ ᠪᠠᠳᠠᠷᠠᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠦᠷᠭᠦᠯᠵᠢᠯᠡᠨ ᠳᠠᠮᠵᠢᠵᠤ᠂ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ  ᠢ ᠪᠤᠢ ᠪᠣᠯᠭᠠᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢ  ᠵᠤᠷᠢᠭᠵᠢᠭᠤᠯᠵᠤ᠂ ᠬᠠᠯᠠᠮᠵᠢᠯᠠᠵᠤ᠂ ᠲᠡᠳᠬᠦᠬᠦ ᠬᠡᠷᠡᠭᠲᠡᠶ᠃ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠬᠤᠭᠤᠷᠣᠨᠳᠣᠬᠢ ᠬᠠᠷᠢᠴᠠᠭ᠎ᠠ ᠶᠢ ᠲᠣᠬᠢᠲᠠᠶ ᠰᠠᠶᠢᠲᠤᠷ  ᠰᠢᠢᠳᠪᠤᠷᠢᠯᠡᠵᠦ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢ  ᠬᠦᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠶ᠃ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢ ᠪᠠᠬᠢᠵᠢᠭᠦᠯᠦᠨ ᠲᠡᠭᠦᠯᠳᠡᠷᠵᠢᠭᠦᠯᠵᠦ᠂ ᠠᠯᠪᠠᠨ ᠠᠴᠠ ᠡᠷᠬᠢᠯᠡᠭᠰᠡᠨ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠬᠤ᠂ ᠰᠠᠶᠢᠨ ᠰᠠᠶᠢᠬᠠᠨ ᠥᠷᠢᠰᠦᠯᠳᠦᠬᠦ᠂ ᠬᠠᠮᠲᠤᠪᠠᠷ ᠬᠥᠭᠵᠢᠬᠦ ᠶᠢ ᠠᠬᠢᠭᠤᠯᠤᠨ᠎ᠠ᠃ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠮᠵᠢᠯᠲᠠ ᠪᠦᠲᠦᠮᠵᠢ ᠶᠢᠨ ᠥᠭᠡᠷᠡᠴᠢᠯᠡᠯᠲᠡ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾᠂ ︽ ᠮᠡᠷᠭᠡᠵᠢᠯ ᠤᠨ ᠴᠣᠯᠠ ᠲᠣᠭᠲᠠᠭᠠᠵᠤ ᠤᠷᠢᠬᠤ︾᠂ ︽ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ︾ ᠲᠠᠢ ᠤᠶᠠᠯᠳᠤᠭᠤᠯᠵᠤ᠂ ᠪᠠᠭᠰᠢ ᠨᠠᠷ ᠢ ᠪᠠᠶᠠᠷ ᠲᠠᠢ ᠪᠠᠷ ᠰᠤᠷᠭᠠᠨ ᠬᠥᠮᠦᠵᠢᠭᠦᠯᠵᠦ᠂ ᠰᠤᠷᠤᠭᠴᠢᠳ ᠢ ᠪᠠᠶᠠᠷ ᠲᠠᠢ  ᠪᠠᠷ ᠰᠤᠷᠤᠯᠴᠠᠭᠤᠯᠬᠤ ᠬᠡᠷᠡᠭᠲᠡᠶ᠃ ᠵᠢᠭᠠᠨ ᠰᠤᠷᠭᠠᠬᠤ ᠶᠠᠰᠤ ᠴᠢᠨᠠᠷ  ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠭᠡᠪᠡ᠃
     ᠸᠠᠩ  ᠸᠧᠨ ᠱᠠᠭᠠᠷᠳᠠᠭᠰᠠᠨ ᠨᠢ᠂ ᠡᠯ᠎ᠡ ᠰᠤᠷᠭᠠᠭᠤᠯᠢ ᠪᠣᠯᠤᠨ ᠬᠡᠤᠬᠡᠳ ᠤᠨ ᠴᠡᠴᠡᠷᠯᠢᠭ ᠨᠢ ᠥᠭᠡᠷᠡᠴᠢᠯᠡᠯᠲᠡ ᠶᠢᠨ ᠠᠷᠭ᠎ᠠ ᠪᠠᠷᠢᠯ ᠰᠢᠨ᠎ᠡ ᠶᠢ  ᠡᠭᠦᠳᠬᠦ ᠠᠷᠭ᠎ᠠ ᠪᠠᠷᠢᠯ ᠢᠶᠠᠷ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠵᠤ᠂ ᠣᠨᠴᠠ ᠴᠢᠳᠠᠪᠤᠷᠢ ᠶᠢ  ᠬᠦᠮᠦᠵᠢᠭᠦᠯᠬᠦ ᠶᠢ ᠴᠢᠬᠤᠯᠠᠴᠢᠯᠠᠨ᠎ᠠ᠃ ᠰᠤᠷᠭᠠᠨ ᠬᠥᠮᠦᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃  ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ ᠬᠥᠮᠦᠨ ᠢ ᠬᠥᠮᠦᠵᠢᠭᠦᠯᠬᠦ ᠢᠨᠵᠧᠨᠧᠷᠢᠩ ᠪᠣᠯᠭᠠᠬᠤ ᠬᠡᠷᠡᠭᠲᠡᠶ᠃ ᠦᠨᠡᠨ ᠬᠦ ᠪᠣᠳᠠᠲᠠᠶ ᠠᠳᠬᠤᠵᠤ ᠰᠠᠶᠢᠲᠤᠷ ᠠᠳᠬᠤᠵᠤ᠂ ᠪᠣᠳᠠᠲᠤ  ᠪᠠᠶᠢᠳᠠᠯ ᠶᠣᠰᠣᠭᠠᠷ ᠵᠢᠭᠠᠨ ᠰᠤᠷᠭᠠᠬᠤ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠡᠯ᠎ᠡ  ᠵᠤᠶᠢᠯ ᠤᠨ ᠠᠵᠢᠯ ᠢ ᠢᠳᠡᠪᠬᠢᠲᠡᠶ ᠯᠠᠪᠳᠠᠭᠤᠨ᠂ ᠯᠠᠪᠳᠠᠭᠤᠨ ᠪᠠᠲᠤᠲᠠᠶ ᠡᠮᠬᠢ ᠵᠢᠷᠤᠮ ᠲᠠᠢ ᠪᠠᠷ ᠰᠠᠶᠢᠲᠤᠷ ᠬᠢᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠲᠡᠷᠡ ᠬᠡᠪ ᠢᠶᠠᠷ ᠨᠢ  ᠨᠠᠶᠢᠳᠠᠪᠤᠷᠢᠵᠢᠭᠤᠯᠬᠤ ᠬᠡᠷᠡᠭᠳᠡᠢ᠃ ᠵᠢᠭᠠᠨ ᠰᠤᠷᠭᠠᠯᠲᠠ ᠶᠢᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠵᠤ᠂ ᠠᠮᠤᠷ ᠲᠦᠪᠰᠢᠨ᠂ ᠲᠠᠭᠠᠯᠠᠮᠵᠢᠲᠠᠶ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ  ᠪᠤᠯᠭᠠᠬᠤ ᠬᠡᠷᠡᠭᠳᠡᠢ ᠭᠡᠪᠡ᠃
     ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠬᠤᠯᠪᠣᠭᠳᠠᠯ ᠪᠥᠬᠦᠶ ᠰᠲ᠋ᠣᠺ  ᠤᠨ ᠲᠠᠰᠤᠭ ᠤᠨ ᠬᠠᠷᠢᠭᠤᠴᠠᠯᠭᠠᠲᠠᠨ ᠵᠢᠴᠢ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠬᠤᠷᠠᠯ ᠳᠤ ᠣᠷᠣᠯᠴᠠᠪᠠ᠃                                                                        ᠰᠤᠷᠪᠤᠯᠵᠢᠯᠠᠭᠴᠢ᠄ ᠸᠠᠩ ᠭᠦᠸᠧ ᠵᠢᠶᠦ᠋ᠨ   ᠴᠧᠨ ᠢᠦᠶ                                ᠨᠠᠶᠢᠷᠠᠭᠤᠯᠤᠭᠴᠢ᠄ ᠭᠦᠸᠧ ᠬᠤᠩ ᠰᠢᠶᠠ  ᠡᠤ ᠬᠤᠩ ᠰᠢᠶᠠ                              ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2