ᠰᠢᠶᠠᠨ ᠤ ᠵᠠᠰᠠᠭ ᠤᠨ ᠣᠷᠳᠣᠨ ᠤ 9 ᠳ᠋ᠦ᠋ᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/14
     9 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ ᠰᠢᠶᠠᠨ ᠤ ᠵᠠᠰᠠᠭ ᠤᠨ ᠣᠷᠳᠣᠨ ᠤ 9 ᠳ᠋ᠦ᠋ᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠮᠠᠨ ᠤ ᠰᠢᠶᠠᠨ ᠤ ᠤᠳᠤᠷᠢᠳᠤᠯᠭ᠎ᠠ ᠴᠧᠨ ᠸᠧᠢ᠂ ᡂᠢ ᠵᠢᠶᠠᠨ ᠹᠧᠩ᠂ ᠵᠤᠤ  ᠿᠦᠢ᠂ ᠳ᠋ᠦᠩ ᠶᠦᠩ ᠰᠢᠶᠠᠩ᠂ ᠱᠢ ᠼᠦᠢ ᠴᠢᠨ᠂ ᠵᠢᠶᠠ ᠰᠢᠶᠤᠤ ᠫᠢᠩ ᠬᠤᠷᠠᠯ ᠳᠤ ᠣᠷᠣᠯᠴᠠᠪᠠ᠃
       ᠬᠤᠷᠠᠯ ᠠᠴᠠ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠵᠢᠭᠠᠪᠤᠷᠢ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠬᠦ ᠬᠡᠷᠡᠭᠲᠡᠶ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠬᠤ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠳᠦᠷᠢᠮ︾ ᠤᠨ ᠲᠣᠭᠤᠷᠢᠨ ᠳᠤ᠂ ᠪᠠᠷᠢᠮᠵᠢᠶ᠎ᠠ ᠲᠠᠢ ᠬᠠᠷᠭᠤᠭᠤᠯᠵᠤ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠶ  ᠡᠷᠢᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠠᠵᠢᠯ ᠤᠨ ᠲᠣᠭᠲᠠᠴᠠ ᠪᠠ ᠠᠵᠢᠯ ᠤᠨ ᠠᠷᠭ᠎ᠠ  ᠬᠡᠮᠵᠢᠶ᠎ᠡ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠮᠠᠭᠠᠯᠠᠯᠲᠠ ᠶᠢ  ᠴᠢᠩᠭᠠᠳᠬᠠᠵᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ  ᠢ ᠰᠢᠯᠢᠳᠡᠭᠵᠢᠭᠦᠯᠬᠦ ᠂ ᠵᠠᠰᠠᠭ ᠤᠨ ᠶᠠᠪᠤᠳᠠᠯ ᠤᠨ  ᠤᠶᠢᠯᠡᠴᠢᠯᠡᠭᠡ ᠶᠢ ᠲᠡᠭᠦᠯᠳᠡᠷᠵᠢᠭᠦᠯᠬᠦ᠂ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠬᠦᠴᠦ  ᠲᠠᠯᠪᠢᠵᠦ᠂ ᠪᠡᠯᠡ ᠣᠷᠣᠭᠤᠯᠤᠯᠲᠠ ᠨᠠᠩ ᠳᠥᠭᠦᠮ ᠳᠥᠲᠡ᠂ ᠵᠠᠰᠠᠭ ᠵᠠᠬᠢᠷᠭᠠᠨ ᠤ ᠦᠷ᠎ᠡ ᠪᠦᠲᠦᠮᠵᠢ ᠨᠠᠩ ᠥᠨᠳᠥᠷ ᠪᠦᠲᠦᠮᠵᠢᠲᠡᠶ᠂ ᠵᠠᠰᠠᠭ ᠤᠨ ᠣᠷᠳᠣᠨ ᠤ ᠤᠶᠢᠯᠡᠴᠢᠯᠡᠭᠡ ᠨᠠᠩ ᠵᠢᠷᠤᠮᠵᠢᠭᠰᠠᠨ᠂ ᠬᠠᠤᠯᠢ ᠪᠠᠷ ᠵᠠᠰᠠᠬᠤ ᠰᠢᠰᠲ᠋ᠧᠮ ᠨᠠᠩ  ᠲᠡᠭᠦᠯᠳᠡᠷᠵᠢᠭᠰᠡᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠮᠠᠨ ᠤ ᠰᠢᠶᠠᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠴᠢᠨᠠᠷ ᠰᠠᠶᠢᠲᠠᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠩᠭᠠᠬᠤ ᠬᠡᠷᠡᠭᠲᠡᠶ  ᠭᠡᠵᠠᠢ᠃
        ᠬᠤᠷᠠᠯ ᠠᠴᠠ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠲᠤᠷ ᠤᠶᠢᠯᠡᠴᠢᠯᠡᠬᠦ ᠲᠤᠬᠠᠶ ᠬᠡᠷᠡᠭᠵᠢᠭᠦᠯᠬᠦ ᠰᠠᠨᠠᠯ︾ ᠢ  ᠤᠯᠠᠮᠵᠢᠯᠠᠨ ᠰᠤᠷᠤᠯᠴᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ  ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ  ᠲᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠴᠢᠬᠤᠯᠠᠴᠢᠯᠠᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠴᠢᠬᠤᠯᠠ ᠪᠠᠶᠢᠷᠢᠨ ᠳᠤ ᠲᠠᠯᠪᠢᠨ᠎ᠠ᠃ ᠠᠰᠠᠭᠤᠳᠠᠯ ᠳᠤ ᠰᠢᠭᠤᠳ ᠬᠠᠨᠳᠤᠵᠤ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠢ ᠰᠢᠯᠢᠳᠡᠭᠵᠢᠭᠦᠯᠬᠦ ᠠᠵᠢᠯ ᠤᠨ ᠦᠷ᠎ᠡ ᠪᠦᠲᠦᠮᠵᠢ ᠶᠢ ᠦᠨᠡᠨᠬᠦ  ᠲᠡᠭᠡᠭᠰᠢᠯᠡᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠢᠨ᠎ᠡ ᠠᠵᠤ  ᠤᠶᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠴᠢᠭᠯᠡᠭᠦᠯᠬᠦ ᠴᠢᠨᠠᠷᠲᠠᠶ ᠥᠭᠡᠷᠡᠴᠢᠯᠡᠯᠲᠡ ᠶᠢᠨ ᠠᠷᠭ᠎ᠠ ᠪᠠᠷᠢᠯ ᠢᠶᠠᠷ ᠠᠵᠤ ᠠᠬᠤᠶᠢᠯᠠᠯ ᠤᠨ  ᠤᠶᠢᠯᠡᠳᠪᠤᠷᠢᠯᠡᠯ ᠡᠵᠡᠩᠨᠡᠯᠳᠡ ᠳᠠᠬᠢ ᠬᠦᠴᠢᠷᠳᠡᠯ᠂ ᠲᠦᠭᠵᠢᠷᠡᠯ᠂ ᠡᠪᠡᠷᠰᠢᠶᠡᠯ ᠢ  ᠰᠢᠢᠳᠪᠤᠷᠢᠯᠡᠵᠦ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ  ᠭᠡᠪᠡ᠃
         ᠬᠤᠷᠠᠯ ᠠᠴᠠ ︽ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠵᠤ ᠠᠬᠤᠶᠢᠯᠠᠯ ᠤᠨ ᠬᠦᠯᠢᠶᠡᠰᠦ ᠶᠢ ᠰᠤᠯᠠᠷᠠᠭᠤᠯᠵᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠮᠡᠳᠡᠭᠳᠡᠯ︾ ᠢ  ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ︽ᠮᠡᠳᠡᠭᠳᠡᠯ︾ ᠳᠤ ᠳᠤᠷᠠᠳᠤᠭᠰᠠᠨ ᠡᠯ᠎ᠡ ᠵᠦᠢᠯ ᠤᠨ ᠡᠭᠦᠷᠭᠡ ᠪᠠ  ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ  ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂  ᠲᠦᠷᠦ ᠶᠢᠨ ᠪᠣᠳᠣᠯᠭ᠎ᠠ ᠶᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠦᠨᠡᠨᠬᠦ  ᠨᠠᠶᠢᠳᠠᠪᠤᠷᠢᠵᠢᠭᠤᠯᠬᠤ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ  ᠬᠡᠷᠡᠭᠵᠢᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠲᠤᠷᠰᠢᠯᠭ᠎ᠠ ᠪᠠᠨ ᠳ᠋ᠦᠩᠨᠡᠵᠦ᠂ ᠬᠡᠷᠡᠭᠵᠢᠭᠦᠯᠬᠦ ᠳᠤᠮᠳᠠ ᠣᠷᠣᠰᠢᠵᠤ  ᠪᠠᠶᠢᠭ᠎ᠠ ᠠᠰᠠᠭᠤᠳᠠᠯ ᠢ ᠵᠣᠬᠢᠴᠠᠭᠤᠯᠤᠨ  ᠰᠢᠢᠳᠪᠤᠷᠢᠯᠡᠵᠦ᠂ ᠡᠯ᠎ᠡ  ᠵᠤᠶᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ  ᠪᠤᠳᠠᠳᠠᠢ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠠᠢ᠃                                  ᠰᠤᠷᠪᠤᠯᠵᠢᠯᠠᠭᠴᠢ᠄ ᠵᠠᠩ ᠰᠢᠶᠣᠤ ᠢᠩ                                  ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                  ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2