ᠮᠢᠨᠦ ᠥᠩᠭᠡᠷᠡᠭᠦᠯᠦᠭᠰᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ‌ᠠᠵᠢᠯ ᠤᠨ ᠦᠯᠢᠭᠡᠷ  ᠤᠳ
ᠨᠡᠶᠢᠲᠡᠯᠡᠭᠰᠡᠨ ᠴᠠᠭ᠄
2020/9/15
      ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠶᠢ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠤ ᠬᠦᠴᠦᠨ ᠨᠡᠮᠡᠷᠢᠯᠡᠨ᠎ᠡ                                                                 ᠵᠧᠤ ᠿᠦᠢ ᠵᠢᠶᠦ᠋ᠨ    ᠪᠢ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠲᠤ ᠠᠵᠢᠯᠯᠠᠵᠤ ᠪᠤᠢ᠃ 2018 ᠣᠨ ᠤ 5 ᠰᠠᠷ᠎ᠠ ᠳᠤ ᠪᠢ ᠪᠠᠶᠢᠭᠤᠯᠭ᠎ᠠ ᠶᠢᠨ ᠢᠶᠠᠨ ᠲᠣᠮᠢᠯᠠᠯᠲᠠ ᠪᠠᠷ ᠲᠢᠶᠠᠨ ᠴᠧᠩ ᠰᠢᠶᠠᠩ ᠤᠨ ᠹᠠᠨ ᠵᠢᠶᠠ ᠬᠦᠷᠢᠶ᠎ᠡ ᠲᠣᠰᠬᠤᠨ ᠳᠤ ᠨᠢᠭᠡᠳᠦᠭᠡᠷ ᠱᠦᠵᠢ  ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠂ ᠤᠳᠤ ᠪᠣᠯᠲᠠᠯ᠎ᠠ ᠬᠤᠶᠠᠷ ᠵᠢᠯ ᠭᠠᠷᠤᠢ ᠪᠣᠯᠵᠠᠢ ᠪᠠᠶᠢᠨ᠎ᠠ᠃ ᠬᠤᠶᠠᠷ ᠵᠢᠯ ᠤᠨ ᠲᠤᠷᠰᠢ᠂ ᠪᠢ ᠬᠠᠪᠰᠤᠷᠤᠨ ᠲᠡᠳᠬᠦᠬᠦ ᠬᠠᠷᠢᠭᠤᠴᠠᠯᠭᠠᠲᠠᠨ᠂ ᠲᠣᠰᠬᠤᠨ ᠳᠤ ᠰᠠᠭᠤᠭ᠎ᠠ ᠭᠡᠰᠢᠭᠦᠳ ᠤᠨ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳᠤᠮᠳᠠ ᠭᠤᠶᠠᠴᠢ ᠦᠭᠡᠢ ᠵᠢᠳᠬᠦᠭᠰᠡᠨ ᠰᠡᠭᠦᠳᠡᠷ ᠢ ᠭᠡᠷᠡᠴᠢᠯᠡᠪᠡ︔ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠢᠷᠠᠭᠤ ᠠᠯᠳᠠᠷᠲᠤ ᠪᠠᠶᠠᠷ ᠪᠠᠶᠠᠰᠤᠯ ᠢ ᠭᠡᠷᠡᠴᠢᠯᠡᠪᠡ ᠁      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢ ᠨᠠᠳᠠ ᠳᠤ ᠠᠪᠴᠤ ᠬᠡᠯᠡᠪᠡᠯ ᠨᠢᠭᠡ ᠬᠤᠪᠢ ᠠᠵᠢᠯ ᠪᠣᠯᠬᠤ ᠪᠥᠭᠡᠳ ᠨᠡᠩ ᠴᠤ ᠨᠢᠭᠡ ᠬᠤᠪᠢ ᠬᠠᠷᠢᠭᠤᠴᠠᠯᠭ᠎ᠠ ᠪᠣᠯᠤᠨ᠎ᠠ᠃ ᠮᠢᠨᠦ ᠬᠠᠷᠢᠭᠤᠴᠠᠯᠭ᠎ᠠ ᠪᠣᠯ ᠹᠠᠨ ᠵᠢᠶᠠ ᠬᠦᠷᠢᠶ᠎ᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠤᠨ᠎ᠠ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠵᠢᠴᠢ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠤᠷᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠶ ᠲᠠᠰᠤᠷᠠᠯᠲᠠ ᠦᠭᠡᠢ ᠪᠤᠵᠠᠭᠠᠶᠢᠷᠠᠵᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠣᠯᠠᠨ ᠨᠡᠶᠢᠲᠡ ᠶᠢᠨ  ᠤᠶᠢᠯᠡᠴᠢᠯᠡᠭᠡᠨ ᠤ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠪᠡ᠃ ᠶᠠᠳᠠᠭᠤ ᠠᠴᠠ ᠠᠩᠭᠢᠵᠢᠷᠠᠭᠤᠯᠬᠤ ᠠᠵᠢᠯ ᠢ ᠬᠢᠭᠰᠡᠨ ᠠᠴᠠ ᠨᠠᠰᠢ᠂ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠶ ᠬᠥᠮᠦᠨ ᠠᠮᠠ ᠵᠢᠯ ᠳᠠᠷᠠᠭᠠᠯᠠᠨ ᠬᠠᠰᠤᠭᠳᠠᠭᠠᠳ ᠨᠢᠳᠤᠨᠤᠨ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠦᠭᠡᠶ ᠪᠠᠶᠢᠭᠰᠠᠨ ᠠᠴᠠ ᠬᠦᠴᠦᠷᠬᠡᠭ ᠪᠣᠯᠵᠤ ᠪᠠᠶᠢᠬᠤ ᠶᠢ ᠣᠯᠵᠤ ᠬᠠᠷᠠᠯ᠎ᠠ᠃ ᠲᠣᠰᠬᠤᠨ ᠤ ᠰᠢᠪᠠᠷ ᠪᠠᠶᠢᠰᠢᠩ ᠤᠨ ᠣᠳᠣ ᠶᠢᠨ ᠰᠢᠯ ᠸᠠᠭᠠᠷᠲᠤ ᠪᠠᠶᠢᠰᠢᠩ ᠪᠠᠶᠢᠭᠤᠯᠬᠤ ᠶᠢ ᠦᠵᠡᠭᠡᠳ ᠲᠣᠰᠬᠤᠨ ᠤ ᠳᠦᠷᠢ ᠲᠥᠷᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠢᠯ ᠳᠠᠷᠠᠭᠠᠯᠠᠨ ᠬᠤᠪᠢᠷᠠᠵᠤ᠂ ᠲᠣᠰᠬᠤᠨ ᠤ ᠠᠷᠠᠳ ᠠᠭᠤᠳᠠᠮ ᠲᠠᠯᠠᠪᠠᠶ ᠳᠤ ᠪᠠᠶᠠᠷ ᠪᠠᠭ᠋ᠠᠳᠤᠯ ᠲᠠᠢ ᠪᠠᠶᠢᠬᠤ ᠶᠢ ᠣᠯᠵᠤ ᠦᠵᠡᠪᠡ ᠁ ᠲᠡᠷᠡ ᠬᠦ ᠥᠪᠡᠷ ᠤᠨ ᠪᠡᠶ᠎ᠡ ᠪᠠᠷ ᠢᠶᠠᠨ ᠣᠷᠣᠯᠴᠠᠭᠰᠠᠨ ᠠᠮᠵᠢᠯᠲᠠ ᠪᠦᠲᠦᠮᠵᠢ ᠶᠢᠨ ᠲᠥᠷᠥᠭᠳᠡᠯ ᠳᠤ ᠪᠢ ᠣᠮᠣᠭᠰᠢᠵᠤ  ᠪᠠᠶᠢᠨ᠎ᠠ᠃
           ᠳᠤᠸᠠᠨ ᠵᠢᠶᠦ᠋ᠨ ᠵᠢᠶᠦ᠋ᠨ ᠤ ᠨᠢᠭᠡ ᠭᠡᠷ ᠤᠨ  ᠪᠠᠶᠢᠳᠠᠯ ᠣᠨᠴᠠᠭᠠᠢ ᠪᠠᠶᠢᠵᠤ᠂ ᠭᠡᠷ ᠪᠦᠯᠢ ᠶᠢᠨ ᠬᠥᠮᠦᠨ ᠠᠮᠠ ᠨᠢ 4 ᠬᠥᠮᠦᠨ᠂ ᠥᠪᠡᠷ ᠤᠨ ᠣᠶᠤᠨ ᠴᠢᠳᠠᠪᠤᠷᠢ ᠨᠢ ᠵᠡᠮᠳᠡᠭ᠂ ᠡᠬᠡᠨᠡᠷ ᠨᠢ ᠮᠡᠳᠡᠷᠡᠯ ᠤᠨ ᠡᠪᠡᠳᠴᠢᠨ ᠲᠠᠢ᠃  ᠬᠤᠶᠠᠷ ᠬᠦᠦ ᠨᠢ ᠪᠦᠷ ᠴᠡᠴᠡᠷᠯᠢᠭ ᠲᠤ ᠰᠠᠭᠤᠵᠤ᠂ ᠬᠡᠦᠬᠡᠳ ᠨᠢ ᠦᠷᠭᠦᠯᠵᠢ ᠡᠪᠡᠳᠴᠢᠯᠡᠳᠡᠭ᠃ ᠳ᠋ᠤᠸᠠᠨ ᠵᠢᠶᠦ᠋ᠨ ᠵᠢᠶᠦ᠋ᠨ ᠲᠠᠷᠢᠶ᠎ᠠ ᠲᠠᠷᠢᠬᠤ ᠮᠡᠷᠭᠡᠵᠢᠯ ᠮᠡᠳᠡᠬᠦ ᠦᠭᠡᠢ ᠪᠣᠯᠬᠤᠷ  ᠭᠡᠷ ᠪᠦᠯᠢ ᠶᠢᠨ ᠠᠵᠤ ᠠᠬᠤᠶ ᠨᠢ ᠬᠦᠴᠢᠷᠲᠡᠶ ᠪᠠᠶᠢᠪᠠ᠃ ᠡᠨᠡ ᠬᠦ ᠪᠠᠢᠳᠠᠯ ᠳᠤ ᠴᠢᠭᠯᠡᠭᠦᠯᠦᠨ᠂ ᠪᠢ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠲᠠᠢ ᠬᠠᠮᠲᠤ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠵᠥᠪᠳᠡᠯᠴᠡᠨ ᠲᠣᠭᠲᠠᠭᠠᠵᠤ᠂ ᠲᠡᠵᠢᠭᠡᠨ ᠦᠷᠡᠵᠢᠭᠦᠯᠬᠦ ᠤᠶᠢᠯᠡᠰ ᠢ ᠬᠥᠭᠵᠢᠭᠦᠯᠵᠦ ᠬᠤᠨᠢ  ᠲᠡᠵᠢᠭᠡᠯᠭᠡᠪᠡ᠃ ᠤᠴᠢᠷ ᠨᠢ ᠬᠤᠨᠢ ᠲᠡᠵᠢᠭᠡᠬᠦ ᠮᠡᠷᠭᠡᠵᠢᠯ ᠤᠨ ᠠᠭᠤᠯᠤᠭᠳᠠᠴᠠ ᠥᠨᠳᠥᠷ ᠲᠡᠳᠦᠢ ᠪᠢᠰᠢ᠂ ᠬᠢᠵᠢᠭ ᠰᠡᠷᠭᠡᠶᠢᠯᠡᠬᠦ ᠠᠵᠢᠯ ᠢ ᠵᠢᠯ ᠪᠦᠷᠢ ᠬᠢᠵᠢᠭ ᠰᠡᠷᠭᠡᠶᠢᠯᠡᠭᠴᠢ ᠪᠡᠶᠡᠯᠡᠭᠦᠯᠵᠦ᠂  ᠳᠤᠸᠠᠨ ᠵᠢᠶᠦ᠋ᠨ ᠵᠢᠶᠦ᠋ᠨ ᠵᠥᠪᠬᠡᠨ ᠬᠤᠨᠢ ᠪᠠᠨ ᠰᠠᠶᠢᠨ ᠲᠡᠵᠢᠭᠡᠵᠦ᠂ ᠰᠠᠶᠢᠳᠤᠷ ᠬᠠᠮᠢᠶᠠᠷᠪᠠᠯ ᠪᠣᠯᠴᠢᠬᠠᠨ᠎ᠠ᠃ ᠡᠭᠦᠨ  ᠳᠤ ᠬᠦᠴᠦ ᠬᠥᠳᠡᠯᠮᠦᠷᠢ ᠲᠠᠢ ᠪᠢᠳᠡ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠨᠢ ᠲᠡᠭᠦᠨ ᠳᠤ ᠮᠠᠰᠢ ᠰᠠᠶᠢᠨ ᠠᠵᠤ ᠠᠬᠤᠢ ᠶᠢᠨ ᠦᠷ᠎ᠡ  ᠠᠰᠢᠭ ᠢ ᠠᠪᠴᠢᠷᠠᠵᠤ ᠥᠭᠴᠦ ᠴᠢᠳᠠᠨ᠎ᠠ ᠭᠡᠵᠦ ᠦᠵᠡᠭᠡᠳ ᠲᠡᠭᠦᠨ ᠳᠤ 13 ᠰᠠᠭᠤᠷᠢ ᠡᠮ᠎ᠡ ᠬᠤᠨᠢ ᠬᠤᠳᠠᠯᠳᠤᠨ ᠠᠪᠴᠤ  ᠦᠭᠭᠦᠭᠰᠡᠨ ᠪᠠᠶᠢᠨ᠎ᠠ᠃ ᠬᠤᠶᠠᠷ ᠵᠢᠯ ᠭᠠᠷᠤᠶ ᠶᠢᠨ ᠬᠥᠭᠵᠢᠯᠲᠡ ᠪᠠᠷ ᠳᠠᠮᠵᠢᠭᠠᠳ᠂ ᠳ᠋ᠤᠸᠠᠨ ᠵᠢᠶᠦ᠋ᠨ ᠵᠢᠶᠦ᠋ᠨ  ᠤ ᠭᠡᠷ ᠲᠤ ᠰᠠᠭᠤᠷᠢ ᠡᠮ᠎ᠡ ᠬᠤᠨᠢ 25᠂ ᠤᠬᠤᠨ᠎ᠠ 1 ᠪᠠᠶᠢᠨ᠎ᠠ  ᠂ 13 ᠬᠤᠷᠠᠭ᠎ᠠ ᠢᠰᠢᠭᠡ᠃ 2019 ᠣᠨ ᠳᠤ ᠪᠢᠳᠡ ᠳ᠋ᠤᠸᠠᠨ ᠵᠢᠶᠦ᠋ᠨ‌ᠵᠢᠶᠦ᠋ᠨ ᠤ ᠡᠬᠡᠨᠡᠷ ᠢ ᠬᠠᠪᠰᠤᠷᠤᠨ ᠵᠡᠮᠳᠡᠭᠴᠦᠳ ᠤᠨ ᠦᠨᠡᠮᠯᠡᠯ  ᠤᠯᠭᠤᠭᠰᠠᠨ ᠪᠥᠭᠡᠳ ᠪᠥᠬᠦ ᠬᠡᠷ ᠢᠶᠠᠷ ᠢᠶᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠤᠷᠤᠭᠰᠢᠲᠠᠶ  ᠤᠷᠤᠭᠤᠯᠪᠠ᠃ ᠳ᠋ᠤᠸᠠᠨ ᠵᠢᠶᠦ᠋ᠨ ᠵᠢᠶᠦ᠋ᠨ ᠵᠠᠰᠠᠭ ᠤᠨ ᠣᠷᠳᠣᠨ ᠤ ᠳᠡᠮᠵᠢᠯᠭᠡ᠂ ᠲᠣᠰ ᠪᠡᠶ᠎ᠡ ᠶᠢᠨ ᠴᠢᠷᠮᠠᠶᠢᠯᠭ᠎ᠠ ᠪᠠᠷ ᠳᠡᠮᠵᠢᠨ᠂ ᠬᠡᠷ ᠪᠦᠯᠢ ᠶᠢᠨ ᠣᠷᠣᠯᠭ᠎ᠠ ᠲᠦᠷᠭᠡᠨ ᠨᠡᠮᠡᠭᠳᠡᠵᠦ᠂ 2019 ᠣᠨ ᠳᠤ ᠶᠠᠳᠠᠭᠤ ᠠᠴᠠ ᠠᠩᠭᠢᠵᠢᠷᠠᠪᠠ᠃
       ᠹᠠᠨ  ᠭᠧᠨ ᠼᠠᠢ ᠶᠢᠨ ᠭᠡᠷ ᠪᠦᠯᠢ ᠨᠢ 5 ᠬᠥᠮᠦᠨ   ᠲᠠᠢ᠂ ᠥᠪᠡᠷ ᠢᠶᠠᠨ ᠬᠤᠳᠣᠭᠤᠳᠣᠨ ᠥᠮᠡᠨ ᠳᠤ ᠨᠡᠷᠪᠡᠭᠳᠡᠵᠡᠶ᠃ ᠮᠡᠰᠡ ᠵᠠᠰᠠᠯ ᠬᠢᠭᠰᠡᠨ ᠤ ᠳᠠᠷᠠᠭ᠎ᠠ ᠶᠡᠷᠦ ᠨᠢ ᠡᠮ ᠤᠤᠭᠤᠵᠤ᠂ ᠬᠥᠳᠡᠯᠮᠦᠷᠢᠯᠡᠬᠦ ᠴᠢᠳᠠᠪᠤᠷᠢ ᠨᠢ ᠰᠠᠶᠢᠨ ᠪᠢᠰᠢ᠂ ᠡᠬᠡᠨᠡᠷ ᠵᠠᠩ ᠮᠧᠶ ᠶᠢᠨ ᠪᠡᠶ᠎ᠡ ᠨᠢ ᠳᠥᠷᠪᠡᠨ ᠳᠡᠰ  ᠤᠨ ᠵᠡᠮᠳᠡᠭ᠂ ᠬᠥᠳᠡᠯᠮᠦᠷᠢᠯᠡᠬᠦ ᠴᠢᠳᠠᠪᠤᠷᠢ ᠨᠢ ᠴᠦ ᠴᠢᠩᠭ᠎ᠠ ᠪᠢᠰᠢ᠂ ᠶᠠᠳᠠᠭᠤ ᠬᠦᠴᠢᠷᠳᠡᠯᠲᠡᠶ ᠡᠷᠦᠬᠡ ᠳᠤ ᠣᠷᠣᠬᠤ ᠦᠶᠡᠰ᠂ ᠭᠤᠷᠪᠠᠨ ᠬᠡᠤᠬᠡᠳ ᠨᠢ ᠪᠦᠷ ᠨᠣᠮ ᠤᠩᠰᠢᠵᠤ᠂ ᠭᠡᠷ ᠪᠦᠯᠢ ᠶᠢᠨ  ᠠᠮᠢᠳᠤᠷᠠᠯ ᠨᠢ ᠲᠤᠶᠢᠯ ᠤᠨ ᠬᠦᠴᠢᠷᠲᠡᠶ ᠪᠠᠶᠢᠵᠠᠶ᠃   ᠹᠠᠨ ᠭᠧᠨ ᠼᠠᠢ ᠶᠢᠨ ᠭᠡᠷ ᠪᠦᠯᠢ ᠶᠢᠨ ᠬᠥᠳᠡᠯᠮᠦᠷᠢᠯᠡᠬᠦ ᠴᠢᠳᠠᠪᠤᠷᠢ ᠨᠢ ᠴᠢᠩᠭ᠎ᠠ ᠪᠢᠰᠢ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠢ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ ᠲᠠᠢ ᠬᠠᠮᠲᠤ ᠪᠠᠷ ᠵᠥᠪᠳᠡᠯᠴᠡᠭᠰᠡᠨ ᠤ ᠳᠠᠷᠠᠭ᠎ᠠ᠂ ᠲᠠᠷᠢᠮᠠᠯ ᠤᠨ ᠦᠢᠯᠡᠰ ᠢ ᠬᠥᠭᠵᠢᠭᠦᠯᠬᠦ ᠪᠠ ᠲᠡᠵᠢᠭᠡᠨ ᠦᠷᠡᠵᠢᠭᠦᠯᠬᠦ ᠶᠢ ᠤᠶᠠᠯᠳᠤᠭᠤᠯᠬᠤ ᠬᠡᠯᠪᠡᠷᠢ ᠪᠠᠷ ᠭᠡᠷ ᠪᠦᠯᠢ ᠶᠢᠨ  ᠤᠷᠤᠯᠭ᠎ᠠ ᠶᠢ   ᠨᠢ ᠨᠡᠮᠡᠭᠳᠡᠭᠦᠯᠬᠦ ᠪᠠᠷ ᠲᠣᠭᠲᠠᠪᠠ᠃ ᠹᠠᠨ ᠭᠧᠨ  ᠼᠠᠢ ᠶᠠᠳᠠᠭᠤ ᠬᠦᠴᠢᠷᠳᠡᠯᠲᠡᠶ ᠡᠷᠦᠬᠡ ᠶᠢ ᠢᠯᠭᠠᠨ ᠲᠠᠨᠢᠭᠰᠠᠨ ᠠᠴᠠ ᠨᠠᠰᠢ᠂ ᠨᠡᠶᠢᠲᠡ 1.8 ᠲᠦᠮᠡᠨ ᠲᠥᠭᠦᠷᠢᠭ ᠤᠨ ᠲᠠᠷᠢᠵᠤ ᠲᠡᠵᠢᠭᠡᠬᠦ ᠨᠥᠬᠦᠪᠥᠷᠢ ᠬᠦᠷᠲᠡᠵᠦ᠂ 1.66 ᠲᠦᠮᠡᠨ ᠲᠥᠭᠦᠷᠢᠭ ᠤᠨ ᠰᠤᠷᠭᠠᠨ ᠬᠥᠮᠦᠵᠢᠯ ᠤᠨ ᠨᠥᠬᠦᠪᠥᠷᠢ ᠬᠦᠷᠲᠡᠵᠦ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠨᠥᠬᠦᠪᠥᠷᠢ 37975 ᠲᠥᠭᠦᠷᠢᠭ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠳᠤ ᠡᠮᠴᠢ ᠡᠮ ᠬᠦᠷᠭᠡᠬᠦ ᠵᠡᠷᠭᠡ ᠬᠠᠷᠠᠭᠠᠯᠵᠠᠯ ᠢ ᠬᠦᠷᠳᠡᠭᠰᠡᠨ ᠪᠠᠶᠢᠨ᠎ᠠ  ᠃ ᠵᠠᠰᠠᠭ ᠤᠨ ᠣᠷᠳᠣᠨ ᠤ ᠳᠡᠮᠵᠢᠯᠭᠡ᠂  ᠪᠤᠯᠤᠨ ᠲᠣᠰ ᠪᠡᠶ᠎ᠡ  ᠶᠢᠨ ᠪᠠᠨ ᠰᠢᠷᠭᠠᠭᠤ ᠴᠢᠷᠮᠠᠶᠢᠯᠭ᠎ᠠ ᠪᠠᠷ ᠳᠡᠮᠵᠢᠨ᠂ ᠬᠡᠷ ᠪᠦᠯᠢ ᠶᠢᠨ  ᠤᠷᠤᠯᠭ᠎ᠠ ᠨᠢ ᠵᠢᠯ ᠳᠠᠷᠠᠭᠠᠯᠠᠨ ᠨᠡᠮᠡᠭᠳᠡᠵᠦ᠂ 2018 ᠣᠨ ᠳᠤ ᠤᠷᠤᠭᠰᠢᠲᠠᠶ ᠶᠠᠳᠠᠭᠤ ᠠᠴᠠ ᠠᠩᠭᠢᠵᠢᠷᠠᠪᠠ᠃ ᠹᠠᠨ ᠭᠧᠨ ᠼᠠᠢ ᠶᠢᠨ  ᠰᠡᠳᠭᠢᠯ ᠳᠤ᠄ ︽ᠤᠯᠤᠰ ᠤᠨ ᠰᠠᠶᠢᠨ ᠲᠦᠷᠦ ᠶᠢᠨ ᠪᠤᠳᠤᠯᠭ᠎ᠠ᠂ ᠠᠷᠠᠳ ᠲᠦᠮᠡᠨ ᠤ ᠰᠠᠶᠢᠨ ᠺᠠᠳ᠋ᠷ  ᠮᠦᠨ᠃ ᠨᠠᠮ᠎ᠠ ᠶᠢ ᠬᠠᠪᠰᠤᠷᠴᠤ ᠶᠠᠳᠠᠭᠤ ᠠᠴᠠ ᠠᠩᠭᠢᠵᠢᠷᠠᠭᠤᠯᠵᠤ᠂ ᠰᠠᠶᠢᠨ ᠠᠮᠢᠳᠤᠷᠠᠯ   ᠲᠠᠢ ᠪᠤᠯᠭᠠᠪᠠ︾ ᠭᠡᠪᠡ᠃
             ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠢᠭᠰᠡᠨ ᠡᠨᠡ ᠬᠡᠳᠦᠨ ᠵᠢᠯ᠂  ᠪᠦᠬᠦ ᠰᠢᠶᠠᠨ ᠤ ᠶᠠᠳᠠᠭᠤ ᠶᠢ ᠲᠡᠳᠬᠦᠬᠦ ᠡᠩᠨᠡᠭᠡ ᠶᠢᠨ ᠲᠠᠰᠤᠷᠠᠯᠲᠠ ᠦᠭᠡᠢ ᠲᠡᠭᠦᠯᠳᠡᠷᠵᠢᠨ ᠪᠤᠵᠠᠭᠠᠶᠢᠷᠠᠵᠤ᠂ ᠶᠠᠳᠠᠭᠤ ᠶᠢ ᠲᠡᠳᠬᠦᠬᠦ ᠠᠵᠢᠯ ᠤᠨ ᠠᠷᠭ᠎ᠠ ᠶᠢᠨ ᠲᠠᠰᠤᠷᠠᠯᠲᠠ ᠦᠭᠡᠢ ᠲᠡᠭᠦᠯᠳᠡᠷᠵᠢᠨ ᠨᠠᠷᠢᠯᠢᠭᠵᠢᠵᠤ ᠪᠠᠶᠢᠬᠤ ᠶᠢ  ᠭᠡᠷᠡᠴᠢᠯᠡᠪᠡ᠃ ᠰᠠᠶ᠋ᠢᠬᠠᠨ ᠡᠬᠢᠯᠡᠭᠰᠡᠨ ᠭᠤᠣᠯᠳᠠᠯᠭ᠎ᠠ ᠲᠠᠢ ᠲᠣᠰᠬᠤᠨ ᠳᠤ ᠰᠠᠭᠤᠭ᠎ᠠ 3 ᠠᠵᠢᠯᠯᠠᠬᠤ ᠠᠩᠭᠢ ᠪᠠᠶᠢᠭᠰᠠᠨ ᠠᠴᠠ ᠪᠠᠨ ᠤᠳᠤ ᠲᠣᠰᠬᠤᠨ ᠳᠤ ᠰᠠᠭᠤᠭ᠎ᠠ 5 ᠠᠵᠢᠯᠯᠠᠬᠤ ᠠᠩᠭᠢ ᠪᠣᠯᠪᠠ︔  ᠠᠩᠬᠠᠨ ᠳᠠᠭᠠᠨ ᠡᠩ ᠤᠨ ᠺᠠᠳ᠋ᠷ ᠲᠣᠰᠬᠤᠨ ᠳᠤ  ᠰᠠᠭᠤᠵᠦ ᠪᠠᠶᠢᠭᠰᠠᠨ ᠠᠴᠠ ᠤᠳᠤ ᠶᠢᠨ ᠰᠠᠯᠠᠭᠠᠨ  ᠲᠡᠰ ᠤᠨ ᠺᠠᠳ᠋ᠷ ᠲᠣᠰᠬᠤᠨ ᠳᠤ ᠰᠠᠭᠤᠭᠰᠠᠨ ᠬᠦᠷᠲᠡᠯ᠎ᠡ︔ ᠠᠩᠬᠠᠨ ᠳᠠᠭᠠᠨ ᠶᠡᠭᠡ ᠤᠰᠤ ᠪᠠᠷ ᠨᠡᠯᠦᠩᠬᠡᠢ ᠤᠰᠤᠯᠠᠵᠤ ᠬᠠᠪᠰᠤᠷᠤᠨ ᠲᠡᠳᠬᠦᠬᠦ ᠠᠷᠭ᠎ᠠ  ᠬᠡᠮᠵᠢᠶ᠎ᠡ ᠠᠴᠠ  ᠤᠳᠤ ᠶᠢᠨ ᠡᠷᠦᠬᠡ ᠪᠦᠷᠢ ᠳᠤ ᠳᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠬᠥᠮᠦᠨ ᠬᠥᠮᠦᠨ ᠳᠤ ᠳᠤᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠬᠦ ᠠᠷᠭ᠎ᠠ  ᠬᠡᠮᠵᠢᠶ᠎ᠡ ᠬᠦᠷᠲᠡᠯ᠎ᠡ︔ ᠰᠠᠶ᠋ᠢᠬᠠᠨ ᠡᠬᠢᠯᠡᠵᠦ ᠪᠠᠶᠢᠭ᠎ᠠ ᠶᠠᠳᠠᠭᠤ ᠶᠢ ᠲᠡᠳᠬᠦᠬᠦ ᠺᠠᠳ᠋ᠷ ᠶᠠᠳᠠᠭᠤ ᠶᠢ ᠲᠡᠳᠬᠦᠬᠦ ᠲᠤᠬᠠᠶᠢᠯᠠᠭᠰᠠᠨ ᠠᠵᠢᠯ  ᠢ ᠰᠠᠶᠢᠨ ᠮᠡᠳᠡᠬᠦ ᠦᠭᠡᠢ ᠪᠠᠶᠢᠭᠰᠠᠨ ᠠᠴᠠ ᠤᠳᠤ ᠪᠣᠯᠲᠠᠯ᠎ᠠ ᠡᠯ᠎ᠡ  ᠵᠤᠶᠢᠯ ᠤᠨ ᠶᠠᠳᠠᠭᠤ ᠶᠢ ᠲᠡᠳᠬᠦᠬᠦ  ᠲᠤᠬᠠᠶᠢᠯᠠᠭᠰᠠᠨ ᠠᠵᠢᠯ ᠢ  ᠰᠢᠢᠳᠪᠤᠷᠢᠯᠡᠪᠡ︔ ᠰᠠᠶ᠋ᠢ ᠲᠣᠰᠬᠤᠨ ᠳᠤ  ᠰᠠᠭᠤᠭ᠎ᠠ ᠭᠡᠰᠢᠭᠦᠳ ᠤᠨ ᠬᠤᠶᠠᠷ ᠲᠠᠯ᠎ᠠ ᠠᠴᠠ ᠭᠦᠶᠦᠭᠰᠡᠨ ᠠᠵᠢᠯᠯᠠᠬᠤ  ᠪᠠᠶᠢᠳᠠᠯ᠂ ᠣᠳᠣ  ᠪᠤᠯᠳᠠᠯ᠎ᠠ ᠲᠠᠪᠤᠨ ᠡᠳᠦᠷ ᠳᠥᠷᠪᠡᠨ ᠰᠥᠨᠢ ᠠᠵᠢᠯᠯᠠᠬᠤ  ᠪᠠᠶᠢᠳᠠᠯ ᠲᠠᠢ ᠪᠣᠯᠵᠠᠶ᠃ ᠵᠠᠷᠢᠮ ᠦᠶ᠎ᠡ ᠳᠤ ᠲᠣᠰᠬᠤᠨ ᠳᠤ ᠰᠠᠭᠤᠭ᠎ᠠ ᠺᠠᠳ᠋ᠷ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠵᠦ ᠰᠥᠨᠢ ᠳᠦᠯᠢ ᠪᠣᠯᠲᠠᠯ᠎ᠠ ᠠᠵᠢᠯᠯᠠᠳᠠᠭ︔ ᠵᠠᠷᠢᠮ ᠳᠠᠭᠠᠨ ᠠᠭᠠᠳᠠᠷ ᠪᠣᠷᠣᠭᠠᠨ ᠣᠷᠣᠵᠤ᠂ ᠣᠯᠠᠨ ᠢᠶᠠᠷ ᠢᠶᠠᠨ ᠪᠦᠷ ᠭᠡᠷ ᠲᠡᠭᠡᠨ ᠪᠣᠷᠣᠭᠠᠨ ᠳᠠᠯᠳᠠᠯᠠᠨ᠎ᠠ᠃ ᠲᠣᠰᠬᠤᠨ ᠳᠤ ᠰᠠᠭᠤᠭ᠎ᠠ ᠺᠠᠳ᠋ᠷ ᠪᠣᠷᠣᠭᠠᠨ  ᠢ ᠰᠥᠷᠴᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠣᠯᠠᠨ  ᠲᠦᠮᠡᠨ ᠢ ᠠᠶᠤᠯ ᠠᠴᠠ ᠲᠠᠷᠬᠠᠭᠠᠨ᠎ᠠ᠃ ᠵᠠᠷᠢᠮ ᠺᠠᠳ᠋ᠷ ᠡᠪᠡᠳᠴᠢᠨ ᠲᠠᠢ ᠪᠠᠶᠢᠲᠠᠯ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠵᠠᠷᠢᠮ ᠺᠠᠳ᠋ᠷ ᠬᠤᠶᠠᠷ  ᠲᠠᠯ᠎ᠠ ᠪᠠᠷ ᠠᠵᠢᠯᠯᠠᠵᠤ ᠪᠠᠶᠢᠨ᠎ᠠ᠃ ᠲᠡᠳᠡ ᠴᠢᠷᠮᠠᠶᠢᠨ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠨᠡ ᠬᠦ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠪᠡ᠃
       ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠰᠢᠢᠳᠪᠤᠷᠢᠳᠦ ᠢᠯᠠᠯᠲᠠ ᠶᠢ ᠣᠯᠬᠤ᠂  ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠡᠴᠦᠰ ᠤᠨ ᠵᠢᠯ ᠪᠣᠯᠤᠨ᠎ᠠ᠂ ᠪᠢ ᠥᠪᠡᠷ ᠤᠨ ᠥᠩᠭᠡᠷᠡᠭᠦᠯᠦᠭᠰᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠯᠢᠭᠡᠷ ᠤᠨ ᠢᠶᠠᠨ ᠲᠥᠯᠥᠭᠡ ᠰᠡᠳᠬᠢᠯ ᠳᠣᠭᠳᠣᠯᠵᠤ᠂ ᠥᠪᠡᠷ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠣᠷᠣᠯᠴᠠᠵᠤ ᠴᠢᠳᠠᠭᠰᠠᠨ ᠳᠠᠭᠠᠨ ᠣᠮᠣᠭᠰᠢᠵᠤ᠂ ᠹᠠᠨ ᠵᠢᠶᠠ ᠬᠦᠷᠢᠶ᠎ᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠪᠦᠬᠦ ᠤᠯᠤᠰ ᠤᠨ ᠠᠷᠠᠳ ᠲᠦᠮᠡᠨ ᠲᠠᠢ  ᠬᠠᠮᠳᠤ ᠪᠠᠷ ᠴᠢᠨᠡᠭᠡᠯᠢᠭ ᠨᠡᠶᠢᠭᠡᠮ ᠳᠤ ᠤᠷᠤᠭᠰᠠᠨ ᠳᠠᠭᠠᠨ ᠣᠮᠣᠭᠰᠢᠵᠤ ᠪᠠᠶᠢᠨ᠎ᠠ᠃                                                                         ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                         ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2