︽ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠣᠯᠠᠨ ᠨᠡᠶᠢᠲᠡ ᠶᠢᠨ ᠣᠷᠣᠯᠴᠠᠬᠤ ᠲᠦᠷ ᠬᠡᠷᠡᠭᠵᠢᠭᠦᠯᠬᠦ | ᠠᠷᠭ᠎ᠠ︾ ︵2019 ᠣᠨ ᠤ 1 ᠰᠠᠷ᠎ᠠ ᠶᠢᠨ 1 ᠤ ᠡᠳᠦᠷ︶ ᠶᠢᠨ ᠬᠤᠯᠪᠣᠭᠳᠠᠯ ᠪᠥᠬᠦᠶ ᠲᠣᠭᠲᠠᠭᠠᠯ᠂ | ᠯᠢᠶᠠᠩᠴᠧᠩ ᠰᠢᠶᠠᠨ ᠤ ᠲᠢᠶᠠᠨ ᠴᠧᠩ ᠠᠵᠤ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠠᠩᠬᠠᠳᠠᠭᠴᠢ | ᠤᠳᠠᠭᠠᠨ ᠤ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠭᠰᠡᠨ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠢ | ᠡᠳᠦᠭᠡ ᠳᠣᠤᠷᠠᠬᠢ ᠮᠡᠲᠦ ᠵᠠᠷᠯᠠᠶ᠎ᠠ᠄ | ᠨᠢᠭᠡ᠂ ᠪᠠᠷᠢᠯᠭ᠎ᠠ ᠶᠢᠨ ᠲᠦᠢᠮᠣ ᠪᠠᠶᠢᠳᠠᠯ | ᠲᠥᠷᠥᠯ ᠵᠤᠶᠢᠯ ᠤᠨ ᠨᠡᠷᠡᠶᠢᠳᠦᠯ᠄ ᠯᠢᠶᠠᠩᠴᠧᠩ ᠰᠢᠶᠠᠨ ᠤ ᠲᠢᠶᠠᠨ ᠴᠧᠩ ᠠᠵᠤ ᠤᠶᠢᠯᠡᠰ ᠤᠨ ᠰᠠᠭᠤᠷᠢᠨ | ᠭᠠᠵᠠᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ | ᠪᠥᠲᠥᠭᠡᠨ ᠪᠠᠶᠢᠭᠤᠯᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ | ᠯᠢᠶᠠᠩᠴᠧᠩ ᠰᠢᠶᠠᠨ ᠤ ᠲᠢᠶᠠᠨ ᠴᠧᠩ ᠰᠢᠶᠠᠩ | ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ ᠰᠢᠨ᠎ᠡ ᠪᠠᠷ ᠪᠠᠶᠢᠭᠤᠯᠬᠤ | ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ᠄ ᠲᠣᠰ ᠲᠥᠷᠥᠯ ᠵᠤᠶᠢᠯ ᠳᠤ ᠨᠡᠶᠢᠲᠡ 2 ᠲᠦᠮᠡᠨ | m3/d ᠤᠰᠤ ᠬᠠᠩᠭᠠᠬᠤ ᠰᠤᠪᠤᠷᠭ᠎ᠠ 1᠂ 1 ᠲᠦᠮᠡᠨ m3/d ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ 1 | ᠪᠠᠶᠢᠭᠤᠯᠤᠨ᠎ᠠ᠃ ᠢᠵᠢ ᠪᠦᠷᠢᠳᠦᠭᠦᠯᠬᠦ ᠵᠠᠮ ᠤᠨ ᠪᠠᠷᠢᠯᠭ᠎ᠠ᠂ ᠤᠰᠤ ᠬᠠᠩᠭᠠᠬᠤ ᠬᠤᠭᠤᠯᠠᠶ ᠶᠢᠨ ᠲᠣᠤᠷ᠂ ᠪᠣᠬᠢᠷ | ᠤᠰᠤ ᠶᠢᠨ ᠬᠤᠭᠤᠯᠠᠶ ᠶᠢᠨ ᠲᠣᠤᠷ᠂ ᠪᠣᠷᠣᠭᠠᠨ ᠤ ᠤᠰᠤ ᠶᠢᠨ ᠬᠤᠭᠤᠯᠠᠶ ᠶᠢᠨ ᠲᠣᠤᠷ᠂ ᠢᠯᠴᠢ ᠬᠠᠩᠭᠠᠬᠤ | ᠬᠤᠭᠤᠯᠠᠶ ᠶᠢᠨ ᠲᠣᠤᠷ᠂ ᠴᠠᠬᠢᠯᠭᠠᠨ ᠬᠦᠴᠦᠨ ᠴᠠᠬᠢᠯᠭᠠᠨ ᠬᠤᠯᠪᠣᠭᠠᠨ ᠤ ᠬᠤᠭᠤᠯᠠᠶ ᠶᠢᠨ ᠲᠣᠤᠷ ᠵᠢᠴᠢ | ᠭᠡᠷᠡᠯᠲᠦᠭᠦᠯᠭᠡ᠂ ᠨᠣᠭᠤᠭᠠᠷᠠᠭᠤᠯᠤᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠃ | ᠬᠤᠶᠠᠷ᠂ ᠪᠥᠲᠥᠭᠡᠨ ᠪᠠᠶᠢᠭᠤᠯᠬᠤ ᠨᠢᠭᠡᠴᠡ ᠵᠢᠴᠢ ᠬᠠᠷᠢᠯᠴᠠᠬᠤ ᠠᠷᠭ᠎ᠠ ᠮᠠᠶ᠋ᠢᠭ | ᠪᠦᠲᠦᠭᠡᠨ ᠪᠠᠶᠢᠭᠤᠯᠬᠤ ᠨᠢᠭᠡᠴᠡ᠄ ᠯᠢᠶᠠᠩᠴᠧᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠬᠠᠷᠢᠯᠴᠠᠬᠤ ᠬᠥᠮᠦᠨ᠄ ᠮᠠ ᠯᠢ ᠫᠢᠩ | ᠬᠠᠷᠢᠯᠴᠠᠬᠤ ᠤᠲᠠᠰᠤ᠄ 18647418268 | ᠭᠤᠷᠪᠠ᠂ ᠦᠨᠡᠯᠡᠬᠦ ᠠᠵᠢᠯ ᠡᠭᠦᠷᠭᠡᠯᠡᠬᠦ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠᠶᠢᠭᠤᠯᠤᠮᠵᠢ ᠵᠢᠴᠢ | ᠬᠠᠷᠢᠯᠴᠠᠬᠤ ᠠᠷᠭ᠎ᠠ ᠮᠠᠶ᠋ᠢᠭ | ᠦᠨᠡᠯᠡᠬᠦ ᠨᠢᠭᠡᠴᠡ᠄ ᠡᠾᠧᠪᠸᠢ ᠶᠢᠨ ᠺᠧ ᠲᠢᠶᠠᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ | ᠬᠠᠷᠢᠯᠴᠠᠬᠤ ᠬᠥᠮᠦᠨ᠄ ᠵᠠᠩ ᠮᠢᠶᠣᠣ | ᠬᠠᠷᠢᠯᠴᠠᠬᠤ ᠤᠲᠠᠰᠤ᠄ 18947110818 | ᠢᠮᠧᠯ᠄ 13822965 qq . com | ᠲᠦᠷᠪᠡ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠤᠨ ᠳᠡᠰ ᠳᠠᠷᠠᠭᠠᠯᠠᠯ ᠪᠣᠯᠤᠨ ᠭᠤᠤᠯ ᠠᠵᠢᠯ ᠤᠨ | ᠠᠭᠤᠯᠭ᠎ᠠ | ︽ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ | ᠲᠦᠷᠦᠯ ᠬᠤᠪᠢᠶᠠᠭᠰᠠᠨ ᠬᠠᠮᠢᠶᠠᠷᠤᠯᠲᠠ ᠶᠢᠨ ᠨᠡᠷᠡᠰ ᠤᠨ ᠵᠢᠭᠰᠠᠭᠠᠯᠲᠠ︾ ᠶᠢ ᠦᠨᠳᠦᠰᠦᠯᠡᠪᠡᠯ᠂ ᠲᠣᠰ ᠲᠥᠷᠥᠯ | ᠵᠤᠶᠢᠯ ᠳᠤ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠤᠬᠢᠶᠠᠬᠤ ᠶᠢᠨ | ᠬᠠᠮᠲᠤ ᠤᠯᠠᠭᠠᠨᠴᠠᠪ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠮᠡᠳᠡᠭᠦᠯᠵᠦ ᠬᠢᠨᠠᠨ | ᠵᠥᠪᠰᠢᠶᠡᠷᠡᠭᠦᠯᠬᠦ ᠬᠡᠷᠡᠭᠲᠡᠶ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠡᠯᠡᠯᠲᠡ ᠶᠢᠨ ᠠᠵᠢᠯ ᠤᠨ ᠳᠡᠰ | ᠳᠠᠷᠠᠭᠠᠯᠠᠯ ᠨᠢ ᠳᠣᠣᠷᠠᠬᠢ ᠮᠡᠲᠦ᠄ | ᠪᠦᠲᠦᠭᠡᠨ ᠪᠠᠶᠢᠭᠤᠯᠬᠤ ᠨᠢᠭᠡᠴᠡ ᠶᠢᠨ ᠨᠠᠶᠢᠳᠠᠯᠭ᠎ᠠ ᠶᠢ ᠬᠦᠯᠢᠶᠡᠨ ᠠᠪᠬᠤ — ᠮᠠᠲ᠋ᠧᠷᠢᠶᠠᠯ ᠴᠤᠭᠯᠠᠭᠤᠯᠬᠤ᠂ | ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠬᠤ᠂ ᠮᠡᠳᠡᠭᠡ ᠵᠠᠩᠭᠢ ᠰᠣᠯᠢᠯᠴᠠᠬᠤ — ᠣᠷᠴᠢᠨ ᠲᠣᠭᠤᠷᠢᠨ ᠤ | ᠣᠳᠣᠬᠢ ᠪᠠᠶᠢᠳᠠᠯ ᠢ ᠬᠢᠨᠠᠨ ᠬᠡᠮᠵᠢᠬᠦ — ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ︵ᠭᠤᠣᠯᠳᠠᠭᠤ | ᠢᠨᠵᠧᠨᠧᠷᠢᠩ ᠤᠨ ᠵᠠᠳᠠᠯᠤᠯᠳᠡ᠂ ᠣᠷᠣᠨ ᠪᠦᠰᠡ ᠶᠢᠨ ᠣᠷᠴᠢᠨ ᠲᠣᠭᠤᠷᠢᠨ ᠤ ᠣᠳᠣᠬᠢ ᠪᠠᠶᠢᠳᠠᠯ᠂ ᠣᠷᠴᠢᠨ | ᠲᠣᠭᠤᠷᠢᠨ ᠤ ᠨᠥᠯᠥᠭᠡᠯᠡᠯ ᠢ ᠤᠷᠢᠳᠴᠢᠯᠠᠨ ᠵᠢᠱᠢᠬᠦ ᠪᠠ ᠦᠨᠡᠯᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠶᠢᠨ ᠵᠠᠳᠠᠯᠤᠯᠳᠡ᠂ ᠠᠷᠢᠭᠤᠨ ᠴᠡᠪᠡᠷ ᠦᠢᠯᠡᠳᠪᠦᠷᠢᠯᠡᠯ᠂ ᠶᠡᠷᠦᠩᠬᠡᠢ ᠬᠡᠮᠵᠢᠶ᠎ᠡ ᠶᠢ ᠡᠵᠡᠮᠳᠡᠬᠦ ᠵᠡᠷᠭᠡ | ᠪᠠᠭᠲᠠᠨ᠎ᠠ︶ — ᠨᠡᠶᠢᠳᠡᠯᠡᠬᠦ ᠣᠷᠴᠢᠨ ᠲᠣᠭᠤᠷᠢᠨ ᠤ ᠦᠨᠡᠯᠡᠯᠲᠡ ᠶᠢᠨ ᠮᠡᠳᠡᠭᠦᠯᠦᠯᠲᠡ ᠶᠢᠨ ᠭᠤᠣᠯ ᠠᠭᠤᠯᠭ᠎ᠠ | — ᠮᠡᠳᠡᠭᠦᠯᠦᠯᠲᠡ ᠶᠢᠨ ᠪᠢᠴᠢᠭ ᠢ ᠬᠦᠷᠭᠡᠨ ᠬᠢᠨᠠᠬᠤ — ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠦᠨᠡᠯᠡᠨ | ᠵᠢᠱᠢᠯᠲᠡ — ᠮᠡᠳᠡᠭᠦᠯᠦᠯᠳᠡ ᠳᠤ ᠵᠠᠰᠠᠪᠤᠷᠢ ᠣᠷᠣᠭᠤᠯᠬᠤ — ᠠᠮᠢ ᠠᠬᠤᠢ ᠣᠷᠴᠢᠨ ᠲᠣᠭᠤᠷᠢᠨ ᠤ | ᠲᠤᠪᠴᠢᠶ᠎ᠠ ᠳᠤ ᠮᠡᠳᠡᠭᠦᠯᠦᠨ ᠵᠥᠪᠰᠢᠶᠡᠷᠡᠭᠦᠯᠦᠨ᠎ᠡ᠃ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠨᠡᠯᠡᠯᠲᠡ ᠶᠢᠨ ᠠᠵᠢᠯ ᠤᠨ ᠭᠤᠣᠯ ᠠᠭᠤᠯᠭ᠎ᠠ᠄ ᠤᠯᠤᠰ ᠤᠨ ᠬᠠᠤᠯᠢ | ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠤᠶᠢᠯ ᠤᠨ ︽ᠣᠷᠣᠨ ᠪᠦᠰᠡ ᠶᠢᠨ ᠲᠥᠯᠥᠪᠵᠢᠭᠦᠯᠭᠡ ᠶᠢᠨ ᠬᠠᠷᠢᠯᠴᠠᠨ ᠨᠡᠶᠢᠴᠡᠬᠦ ᠴᠢᠨᠠᠷ︾᠂ ︽ᠲᠥᠷᠥᠯ | ᠵᠤᠶᠢᠯ ᠤᠨ ᠭᠠᠵᠠᠷ ᠰᠣᠩᠭᠤᠬᠤ ᠪᠣᠯᠤᠮᠵᠢᠲᠤ ᠴᠢᠨᠠᠷ︾᠂ ︽ᠣᠷᠴᠢᠨ ᠲᠣᠭᠤᠷᠢᠨ ᠤ ᠨᠦᠯᠦᠭᠡ︾᠂ ︽ | ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ︾᠂ ︽ᠶᠡᠷᠦᠩᠬᠡᠶ ᠬᠡᠮᠵᠢᠶ᠎ᠡ ᠶᠢ ᠡᠵᠡᠮᠳᠡᠬᠦ︾ ᠵᠢᠴᠢ ︽ᠣᠯᠠᠨ | ᠨᠡᠶᠢᠲᠡ ᠣᠷᠣᠯᠴᠠᠬᠤ︾ ᠵᠡᠷᠭᠡ ᠲᠠᠯ᠎ᠠ ᠠᠴᠠ ᠲᠤᠰ ᠲᠥᠷᠥᠯ ᠵᠤᠶᠢᠯ ᠤᠨ ᠣᠷᠴᠢᠨ ᠲᠣᠭᠤᠷᠢᠨ ᠤ ᠪᠣᠯᠤᠮᠵᠢᠲᠤ | ᠴᠢᠨᠠᠷ ᠢ ᠵᠠᠳᠠᠯᠤᠨ ᠥᠭᠦᠯᠡᠬᠦ ᠬᠡᠷᠡᠭᠲᠡᠶ᠃ | ᠲᠠᠪᠤ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠤᠶᠢᠯ | ᠲᠣᠰ ᠤᠳᠠᠭᠠᠨ ᠤ ᠣᠯᠠᠨ ᠨᠡᠶᠢᠲᠡ ᠶᠢᠨ ᠪᠠᠶᠢᠴᠠᠭᠠᠯᠲᠠ ᠳᠤ ᠣᠷᠣᠯᠴᠠᠬᠤ ᠭᠤᠤᠯ ᠵᠤᠶᠢᠯ ᠪᠣᠯ᠄ ᠣᠯᠠᠨ | ᠨᠡᠶᠢᠲᠡ ᠶᠢᠨ ᠤᠷᠴᠢᠨ ᠲᠣᠭᠤᠷᠢᠨ ᠤ ᠣᠳᠣᠬᠢ ᠪᠠᠶᠢᠳᠠᠯ ᠤᠨ ᠲᠤᠬᠠᠶ ᠬᠠᠨᠤᠮᠵᠢᠲᠠᠶ ᠪᠠᠶᠢᠬᠤ ᠬᠡᠮᠵᠢᠶ᠎ᠡ᠂ ᠲᠣᠰ | ᠲᠥᠷᠥᠯ ᠵᠤᠶᠢᠯ ᠢ ᠤᠶᠢᠯᠠᠭᠠᠬᠤ ᠬᠡᠮᠵᠢᠶ᠎ᠡ᠂ ᠲᠣᠰ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠣᠪᠣᠷ | ᠵᠢᠴᠢ ᠣᠯᠠᠨ ᠨᠡᠶᠢᠲᠡ ᠶᠢᠨ ᠲᠣᠰ ᠲᠥᠷᠥᠯ ᠵᠤᠶᠢᠯ ᠤᠨ ᠪᠤᠰᠤᠳ ᠰᠠᠨᠠᠯ ᠢ ᠣᠶᠢᠯᠠᠭᠠᠬᠤ ᠶᠠᠪᠤᠳᠠᠯ ᠪᠣᠯᠤᠨ᠎ᠠ᠃ | ᠵᠢᠷᠭᠤᠭ᠎ᠠ᠂ ᠣᠯᠠᠨ ᠨᠡᠶᠢᠲᠡ ᠶᠢᠨ ᠰᠠᠨᠠᠯ ᠳᠤᠷᠠᠳᠬᠤ ᠭᠤᠤᠯ ᠠᠷᠭ᠎ᠠ ᠮᠠᠶ᠋ᠢᠭ ᠪᠠ ᠢᠯᠡ ᠨᠡᠶᠢᠲᠡᠯᠡᠬᠦ ᠴᠠᠭ | ᠲᠠ ᠤᠲᠠᠰᠤ᠂ ᠵᠠᠬᠢᠳᠠᠯ᠂ ᠢᠮᠧᠯ ᠵᠡᠷᠭᠡ ᠬᠡᠯᠪᠡᠷᠢ ᠪᠠᠷ ᠪᠦᠲᠦᠭᠡᠨ ᠪᠠᠶᠢᠭᠤᠯᠬᠤ ᠨᠢᠭᠡᠴᠡ ᠪᠤᠶᠤ ᠣᠷᠴᠢᠨ | ᠲᠤᠭᠤᠷᠢᠨ ᠤ ᠦᠨᠡᠯᠡᠯᠲᠡ ᠶᠢᠨ ᠨᠢᠭᠡᠴᠡ ᠳᠤ ᠰᠠᠨᠠᠯ ᠢᠶᠠᠨ ᠳᠤᠷᠠᠳᠴᠤ ᠪᠣᠯᠤᠨ᠎ᠠ᠂ ᠣᠯᠠᠨ ᠲᠦᠮᠡᠨ ᠰᠠᠨᠠᠯ ᠢᠶᠠᠨ | ᠢᠯᠡᠳᠬᠡᠬᠦ ᠶᠢᠨ ᠬᠠᠮᠲᠤ ᠠᠯᠢ ᠴᠢᠳᠠᠬᠤ ᠪᠠᠷ ᠨᠠᠷᠢᠨ ᠨᠢᠭᠲᠠ ᠬᠠᠷᠢᠯᠴᠠᠬᠤ ᠠᠷᠭ᠎ᠠ ᠮᠠᠶ᠋ᠢᠭ ᠢ ᠬᠠᠩᠭᠠᠵᠤ᠂ ᠪᠢᠳᠡ | ᠴᠠᠭ ᠲᠤᠬᠠᠶ ᠳᠤᠨᠢ ᠲᠠᠨ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠷᠢᠭᠤ ᠮᠡᠳᠡᠭᠦᠯᠬᠦ ᠳᠤ ᠳᠥᠭᠦᠮ ᠪᠣᠯᠭᠠᠬᠤ | ᠬᠡᠷᠡᠭᠲᠡᠶ᠃ | | | ᠯᠢᠶᠠᠩᠴᠧᠩ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | 2020 ᠣᠨ ᠤ 9 ᠰᠠᠷ᠎ᠠ ᠶᠢᠨ 14 ᠤ ᠡᠳᠦᠷ |