9 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 82 ᠳ᠋ᠤᠭᠠᠷ | ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠮᠠᠨ ᠤ ᠰᠢᠶᠠᠨ ᠤ ᠤᠳᠤᠷᠢᠳᠤᠯᠭ᠎ᠠ ᠢᠦᠢ ᠳ᠋ᠠᠶ ᠴᠢᠩ᠂ ᠮᠠ | ᠶᠦᠩ ᠽᠠᠢ᠂ ᠮᠠ ᠴᠧᠨ᠂ ᠰᠢᠤᠢ ᠯᠦᠩ᠂ ᠰᠢᠩ ᠮᠢᠩ᠂ ᠡᠤ ᠶᠦᠨ ᠰᠢᠶᠠ᠂ ᠴᠧᠨ ᠸᠧᠶ᠂ ᠯᠢ ᠹᠧᠩ ᠱᠤᠸᠠᠩ᠂ | ᠿᠧᠨ ᠳ᠋ᠦᠩ ᠮᠢᠩ᠂ ᠵᠣᠣ ᠿᠦᠢ᠂ ᠱᠢ ᠼᠦᠢ ᠴᠢᠨ᠂ ᠸᠠᠩ ᠡᠾᠦ᠋ᠩ ᠮᠢᠩ ᠬᠤᠷᠠᠯ ᠳᠤ ᠣᠷᠣᠯᠴᠠᠪᠠ᠃ | | | | | ᠬᠤᠷᠠᠯ ᠠᠴᠠ ︽ᠯᠢᠶᠠᠩᠴᠧᠩ ᠰᠢᠶᠠᠨ ᠤ ᠶᠠᠳᠠᠭᠤᠷᠠᠬᠤ ᠶᠢ ᠰᠡᠷᠭᠡᠶᠢᠯᠡᠵᠦ ᠳᠠᠬᠢᠨ ᠶᠠᠳᠠᠭᠤᠷᠠᠬᠤ ᠶᠢ ᠬᠢᠨᠠᠨ | ᠪᠠᠶᠢᠴᠠᠭᠠᠬᠤ ᠪᠠ ᠬᠠᠪᠰᠤᠷᠤᠨ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠦᠯ︾ ︽ᠯᠢᠶᠠᠩᠴᠧᠩ ᠰᠢᠶᠠᠨ ᠤ | ᠶᠠᠳᠠᠭᠤ ᠶᠢ ᠲᠡᠳᠭᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠠᠷᠭ᠎ᠠ | ︾᠂ ︽ᠯᠢᠶᠠᠩᠴᠧᠩ ᠰᠢᠶᠠᠨ ᠤ ᠬᠦᠷᠢᠶᠡᠨ ᠬᠠᠰᠢᠶᠠᠨ ᠤ ᠠᠵᠤ ᠠᠬᠤᠶ ᠶᠢᠨ ᠠᠵᠤ ᠤᠶᠢᠯᠡᠰ ᠢᠶᠠᠷ ᠶᠠᠳᠠᠭᠤ ᠶᠢ | ᠲᠡᠳᠬᠦᠬᠦ ᠶᠢᠨ ᠬᠡᠷᠡᠭᠵᠢᠭᠦᠯᠬᠦ ᠲᠥᠰᠦᠯ︾᠂ ︽ᠯᠢᠶᠠᠩᠴᠧᠩ ᠰᠢᠶᠠᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢᠨ | ᠬᠡᠷᠡᠭᠵᠢᠭᠦᠯᠬᠦ ᠲᠥᠰᠦᠯ︾ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ | ︽ᠯᠢᠶᠠᠩᠴᠧᠩ ᠰᠢᠶᠠᠨ ᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠲᠠᠩᠰᠠ ᠡᠪᠬᠡᠮᠡᠯ ᠤᠨ ᠠᠵᠢᠯ ᠤᠨ | ᠵᠢᠯᠣᠭᠤᠳᠬᠤ ᠰᠠᠨᠠᠯ︾᠂ ︽ᠯᠢᠶᠠᠩᠴᠧᠩ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠤᠨ ᠳ᠋ᠦᠩᠨᠡᠯᠲᠡ ᠤᠬᠠᠭᠤᠯᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠪᠠ᠃ | ᠬᠤᠷᠠᠯ ᠠᠴᠠ ᠱᠠᠭᠠᠷᠳᠠᠭᠰᠠᠨ ᠨᠢ᠂ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠰᠢᠶᠠᠨ ᠤ ᠪᠤᠶ ᠪᠦᠬᠦᠢ ᠲᠣᠰᠬᠤᠨ ᠳᠤ ᠦᠨᠡᠨ ᠬᠦ ᠪᠠᠶᠢᠴᠠᠭᠠᠯᠲᠠ ᠬᠢᠵᠦ᠂ | ᠲᠥᠷᠥ ᠶᠢᠨ ᠪᠣᠳᠣᠯᠭ᠎ᠠ ᠶᠢ ᠶᠠᠳᠠᠭᠤ ᠬᠦᠴᠢᠷᠳᠡᠯᠲᠡᠶ ᠲᠣᠰᠬᠤᠨ᠂ ᠶᠠᠳᠠᠭᠤ ᠬᠦᠴᠢᠷᠳᠡᠯᠲᠡᠶ ᠡᠷᠦᠬᠡ ᠬᠦᠷᠲᠡᠯ᠎ᠡ | ᠨᠠᠶᠢᠳᠠᠪᠤᠷᠢᠵᠢᠭᠤᠯᠵᠠᠶ᠃ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠢᠭᠡ ᠡᠷᠦᠬᠡ ᠶᠢ ᠴᠦ ᠣᠷᠬᠢᠭᠳᠠᠭᠤᠯᠬᠤ | ᠦᠭᠡᠢ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠵᠤ᠂ ︽ᠨᠢᠭᠡ ᠡᠷᠦᠬᠡ ᠳᠤ | ᠨᠢᠭᠡ ᠳᠠᠩᠰᠠ ᠡᠪᠬᠡᠮᠡᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ | ᠳᠠᠩᠰᠠ ᠡᠪᠬᠡᠮᠡᠯ ᠤᠨ ᠵᠥᠪ ᠣᠨᠣᠪᠴᠢᠲᠠᠶ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠰᠢᠶᠠᠨ ᠤ ᠰᠢᠭᠤᠳ | ᠬᠠᠷᠢᠶ᠎ᠠ ᠬᠠᠮᠢᠶ᠎ᠠ ᠪᠦᠬᠦᠢ ᠨᠢᠭᠡᠴᠡ᠂ ᠡᠯ᠎ᠡ ᠰᠢᠶᠠᠩ ᠪᠠᠯᠭᠠᠰᠤ ᠬᠠᠮᠢᠶ᠎ᠠ ᠪᠦᠬᠦᠢ ᠲᠥᠰᠦᠯ ᠢ ᠦᠷᠭᠦᠯᠵᠢᠯᠡᠨ | ᠲᠡᠭᠦᠯᠳᠡᠷᠵᠢᠭᠦᠯᠵᠦ᠂ ᠲᠥᠰᠦᠯ ᠢ ᠨᠠᠷᠢᠯᠢᠭᠵᠢᠭᠤᠯᠵᠤ᠂ ᠲᠥᠰᠦᠯ ᠢ ᠨᠠᠩ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ | ᠪᠣᠯᠭᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠳ᠋ᠦᠩᠨᠡᠯᠲᠡ ᠤᠬᠠᠭᠤᠯᠭ᠎ᠠ ᠶᠢᠨ | ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠬᠥᠲᠥᠯᠥᠨ | ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠥᠷᠥ ᠶᠢᠨ ᠪᠣᠳᠣᠯᠭ᠎ᠠ ᠶᠢ ᠢᠳᠡᠪᠬᠢᠳᠠᠢ ᠤᠬᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠯᠡᠷᠡᠭᠦᠯᠵᠦ᠂ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠬᠦᠭᠵᠢᠭᠦᠯᠬᠦ ᠬᠡᠷᠡᠭᠳᠡᠢ ᠭᠡᠪᠡ᠃ | ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ᠂ | ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | ᠰᠤᠷᠪᠤᠯᠵᠢᠯᠠᠭᠴᠢ᠄ ᠸᠠᠩ ᠪᠢᠨ᠂ ᠯᠢ ᠰᠢᠶᠣᠤ ᠾᠦᠢ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |