ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠂ ᠪᠦᠬᠦ | ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠦᠯᠵᠢᠶᠡᠨ ᠤ ᠠᠮᠤᠷ | ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠠᠮᠤᠷ ᠲᠦᠪᠰᠢᠨ᠂ ᠡᠷᠡᠭᠦᠯ ᠴᠢᠭᠢᠷᠠᠭ᠂ ᠪᠤᠯᠪᠠᠰᠤᠨ | ᠰᠦᠯᠵᠢᠶᠡᠨ ᠤ ᠣᠷᠴᠢᠨ ᠲᠣᠭᠤᠷᠢᠨ ᠢ ᠪᠤᠢ ᠪᠤᠯᠭᠠᠬᠤ ᠶᠢᠨ ᠲᠦᠯᠦᠭᠡ᠂ 9 ᠰᠠᠷ᠎ᠠ ᠶᠢᠨ 14 ᠤ ᠡᠳᠦᠷ᠂ | ᠯᠢᠶᠠᠩᠴᠧᠩ ᠰᠢᠶᠠᠨ ᠤ 2020 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠭᠠᠷᠠᠭ ᠤᠨ ᠡᠬᠢᠯᠡᠯᠲᠡ ᠶᠢᠨ ᠶᠣᠰᠣᠯᠠᠯ ᠳ᠋ᠠᠶᠢᠬ᠎ᠠ ᠠᠭᠤᠳᠠᠮ ᠲᠠᠯᠠᠪᠠᠶ ᠳᠤ ᠶᠠᠪᠤᠭᠳᠠᠪᠠ᠃ | | | | | ᠲᠤᠰ ᠤᠳᠠᠭᠠᠨ ᠤ ᠠᠵᠢᠯᠯᠠᠭ᠎ᠠ ᠶᠢ ᠰᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ | ᠲᠦᠷᠦᠭᠦᠯᠡᠨ ᠬᠢᠵᠦ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ | ᠲᠣᠪᠴᠢᠶ᠎ᠠ᠂ ᠡᠪᠯᠡᠯ ᠤᠨ ᠬᠤᠷᠢᠶ᠎ᠠ᠂ ᠠᠵᠤ ᠤᠶᠢᠯᠡᠳᠪᠤᠷᠢ ᠪᠠ ᠮᠡᠳᠡᠭᠡ ᠵᠠᠩᠭᠢ ᠶᠢᠨ ᠲᠣᠪᠴᠢᠶ᠎ᠠ᠂ ᠠᠵᠢᠯᠴᠢᠨ ᠤ | ᠶᠡᠷᠦᠩᠬᠡᠶ ᠡᠪᠯᠡᠯ᠂ ᠠᠷᠠᠳ ᠤᠨ ᠪᠠᠩᠬᠢ ᠬᠠᠮᠲᠤᠷᠠᠨ ᠡᠷᠬᠢᠯᠡᠵᠦ᠂ ︽ᠰᠦᠯᠵᠢᠶᠡᠨ ᠤ ᠠᠮᠤᠷ ᠲᠦᠪᠰᠢᠨ ᠠᠷᠠᠳ | ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠨᠢ ᠠᠷᠠᠳ ᠲᠦᠮᠡᠨ ᠳᠤ ᠲᠦᠰᠢᠭᠯᠡᠨ᠎ᠡ︾᠃ | ᠣᠶᠢᠯᠠᠭᠠᠭᠰᠠᠨ ᠢᠶᠠᠷ᠂ ᠤᠶᠢᠷ᠎ᠠ ᠶᠢᠨ ᠵᠢᠯ ᠳᠤ᠂ ᠯᠢᠶᠠᠩᠴᠧᠩ ᠰᠢᠶᠠᠨ ︽ᠰᠦᠯᠵᠢᠶᠡᠨ ᠤ ᠠᠮᠤᠷ ᠲᠦᠪᠰᠢᠨ ᠤ | ᠬᠠᠤᠯᠢ︾ ᠶᠢ ᠨᠠᠶᠢᠳᠠᠪᠤᠷᠢᠵᠢᠭᠤᠯᠬᠤ ᠪᠠᠷ ᠬᠥᠲᠥᠯᠪᠦᠷᠢ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠤᠯᠤᠯ ᠲᠣᠭᠲᠠᠴᠠ ᠶᠢ ᠬᠦᠴᠦᠯᠡᠨ | ᠲᠡᠭᠦᠯᠳᠡᠷᠵᠢᠭᠦᠯᠵᠦ᠂ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠰᠠᠭᠤᠷᠢ | ᠬᠠᠮᠠᠭᠠᠯᠠᠯᠲᠠ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠦᠬᠦᠭᠡᠷᠦᠮᠵᠢ ᠶᠢᠨ ᠰᠦᠯᠵᠢᠶᠡᠨ ᠤ ᠠᠮᠤᠷ | ᠲᠦᠪᠰᠢᠨ ᠤ ᠬᠠᠮᠠᠭᠠᠯᠠᠯᠲᠠ᠂ ᠴᠢᠬᠤᠯᠠ ᠴᠠᠭ ᠬᠤᠭᠤᠴᠠᠭ᠎ᠠ ᠪᠠ ᠵᠠᠩᠭᠢᠯᠠᠭ᠎ᠠ ᠶᠢᠨ ᠴᠢᠭ ᠪᠣᠯᠬᠤ ᠰᠦᠯᠵᠢᠶᠡᠨ ᠤ | ᠠᠮᠤᠷ ᠲᠦᠪᠰᠢᠨ ᠤ ᠪᠠᠲᠤᠯᠠᠭ᠎ᠠ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠳᠡ ᠪᠠ ᠬᠤᠪᠢ | ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | | | | | ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠲᠠᠯᠠᠪᠠᠢ ᠳᠤ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠲᠤᠬᠠᠶ ᠶᠢᠨ ᠲᠠᠯᠠᠪᠠᠶ ᠳᠤ ᠵᠥᠪᠯᠡᠯᠭᠡ ᠥᠭᠬᠦ ᠵᠡᠷᠭᠡ ᠬᠡᠯᠪᠡᠷᠢ ᠪᠠᠷ ᠲᠣᠤᠷ ᠰᠦᠯᠵᠢᠶᠡᠨ ᠤ ᠠᠮᠤᠷ | ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠡᠶ᠃ ᠠᠷᠠᠳ ᠨᠡᠶᠢᠲᠡ ᠶᠢᠨ ᠰᠦᠯᠵᠢᠶᠡᠨ ᠤ ᠠᠮᠤᠷ ᠲᠦᠪᠰᠢᠨ ᠤ | ᠤᠬᠠᠮᠰᠠᠷ ᠪᠠ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢ ᠴᠢᠩᠭᠠᠷᠠᠭᠤᠯᠵᠤ᠂ ᠥᠷᠭᠡᠨ ᠤᠯᠠᠨ ᠲᠦᠮᠡᠨ ᠤ | ᠰᠦᠯᠵᠢᠶᠡᠨ ᠤ ᠬᠠᠤᠯᠢ ᠶᠢ ᠵᠥᠷᠢᠴᠡᠭᠰᠡᠨ ᠬᠤᠤᠷ ᠬᠥᠨᠥᠭᠡᠯ ᠮᠡᠳᠡᠭᠡ ᠵᠠᠩᠭᠢ᠂ ᠰᠦᠯᠵᠢᠶᠡᠨ ᠤ ᠮᠡᠬᠡᠯᠡᠯ ᠵᠡᠷᠭᠡ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠭᠠᠨ ᠲᠠᠨᠢᠬᠤ ᠪᠠ ᠡᠰᠡᠷᠭᠦᠴᠡᠨ ᠬᠤᠷᠢᠭᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠳᠠᠷᠠᠭ᠎ᠠ ᠨᠢ᠂ ᠠᠵᠢᠯᠲᠠᠳ ᠪᠠᠰᠠ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠲᠤ | ᠭᠦᠨᠵᠡᠭᠡᠶᠢᠷᠡᠨ᠂ ᠡᠯ᠎ᠡ ᠮᠥᠩᠭᠦᠨ ᠭᠦᠢᠯᠭᠡᠭᠡᠨ ᠤ ᠲᠣᠤᠷ ᠴᠢᠭ ᠲᠤ ᠭᠦᠨᠵᠡᠭᠡᠶᠢᠷᠡᠵᠦ᠂ ᠰᠢᠯᠵᠢᠮᠡᠯ ᠬᠤᠯᠪᠣᠭ᠎ᠠ᠂ | ᠬᠤᠯᠪᠣᠭᠠᠯᠠᠨ ᠨᠡᠪᠳᠡᠷᠡᠬᠦ ᠡᠵᠡᠩᠨᠡᠯᠲᠡ ᠶᠢᠨ ᠲᠢᠩᠬᠢᠮ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠲᠤ | ᠤᠬᠠᠭᠤᠯᠭ᠎ᠠ ᠯᠠᠪᠯᠠᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ ᠰᠦᠯᠵᠢᠶᠡᠨ ᠤ ᠠᠮᠤᠷ | ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠪᠣᠯᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠡᠪᠬᠡᠮᠡᠯ ᠬᠠᠭᠤᠳᠠᠰᠤ᠂ ᠵᠠᠷᠯᠠᠯ ᠵᠡᠷᠭᠡ ᠡᠯ᠎ᠡ ᠲᠦᠷᠦᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠳᠡ 1500 | ᠭᠠᠷᠤᠢ ᠬᠤᠪᠢ ᠲᠠᠷᠬᠠᠭᠠᠵᠤ᠂ ᠨᠡᠶᠢᠳᠡ 800 ᠭᠠᠷᠤᠢ ᠬᠥᠮᠦᠨ ᠤᠳᠠᠭ᠎ᠠ ᠶᠢᠨ ᠯᠠᠪᠯᠠᠯᠭ᠎ᠠ ᠶᠢ ᠬᠦᠯᠢᠶᠡᠨ ᠠᠪᠴᠠᠢ | ᠃ | ᠤᠬᠠᠭᠤᠯᠭ᠎ᠠ ᠶᠢᠨ ᠭᠠᠷᠠᠭ ᠵᠢᠩᠬᠢᠨᠢ ᠪᠠᠷ ᠡᠬᠢᠯᠡᠭᠰᠡᠨ ᠤ ᠳᠠᠷᠠᠭ᠎ᠠ᠂ 9 ᠰᠠᠷ᠎ᠠ ᠶᠢᠨ 15 ᠠᠴᠠ 9 | ᠰᠠᠷ᠎ᠠ ᠶᠢᠨ 20 ᠤ ᠡᠳᠦᠷ ᠪᠣᠯᠲᠠᠯ᠎ᠠ᠂ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ | ᠬᠠᠤᠯᠢ ᠪᠠᠷ ᠵᠠᠰᠠᠬᠤ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ | ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠭᠤᠤᠯ ᠰᠡᠳᠦᠪᠲᠦ ᠤᠬᠠᠭᠤᠯᠭ᠎ᠠ ᠶᠢᠨ ᠡᠳᠦᠷ ᠤᠨ | ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠲᠠᠭ᠎ᠠ ᠶᠢᠨ ᠨᠠᠭᠤᠷ ᠤᠨ ᠵᠠᠰᠠᠯᠲᠠ ᠶᠢᠨ ︽ᠲᠠᠪᠤ ᠶᠢ ᠬᠥᠳᠡᠭᠡ | ᠪᠠᠭᠤᠯᠭᠠᠬᠤ︾ ᠠᠵᠢᠯᠯᠠᠭ᠎ᠠ ᠲᠠᠢ ᠤᠶᠠᠯᠳᠤᠭᠤᠯᠤᠨ ᠰᠦᠯᠵᠢᠶᠡᠨ ᠤ ᠠᠮᠤᠷ ᠲᠦᠪᠰᠢᠨ ᠢ ᠨᠡᠶᠢᠭᠡᠮ ᠲᠣᠭᠤᠷᠢᠭ ᠲᠤ | ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠵᠡᠷᠭᠡ | ᠦᠨᠳᠦᠰᠦᠨ ᠱᠠᠲᠤᠨ ᠳᠤ ᠭᠦᠨᠵᠡᠭᠡᠶᠢᠷᠡᠨ ᠣᠯᠠᠨ ᠲᠦᠮᠡᠨ ᠲᠠᠢ ᠣᠶᠢᠷᠠᠳᠬᠤ ᠤᠬᠠᠭᠤᠯᠤᠨ ᠲᠦᠭᠡᠮᠡᠯᠵᠢᠭᠦᠯᠬᠦ | ᠠᠵᠢᠯᠯᠠᠭ᠎ᠠ ᠶᠢ ᠥᠷᠨᠢᠭᠦᠯᠪᠡ᠃ | ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠪᠦᠬᠦ ᠰᠢᠶᠠᠨ ᠤ ᠥᠷᠭᠡᠨ ᠣᠯᠠᠨ ᠲᠦᠮᠡᠨ ᠲᠣᠤᠷ | ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠨᠡᠩ ᠪᠦᠬᠦ ᠲᠠᠯ᠎ᠠ ᠶᠢᠨ ᠲᠠᠨᠢᠯᠲᠠ ᠲᠠᠢ ᠪᠣᠯᠭᠠᠵᠤ᠂ ᠲᠣᠤᠷ | ᠰᠦᠯᠵᠢᠶ᠎ᠡ ᠶᠢᠨ ᠬᠡᠷᠡᠭᠯᠡᠯᠲᠡ ᠶᠢ ᠨᠡᠩ ᠭᠦᠨᠵᠡᠭᠡᠶ ᠤᠶᠢᠯᠠᠭᠠᠯᠳᠡ ᠲᠠᠢ ᠪᠤᠯᠭᠠᠵᠠᠢ᠃ ᠡᠭᠦᠨ ᠤ ᠬᠠᠮᠲᠤ ᠪᠠᠰᠠ | ᠥᠷᠭᠡᠨ ᠤᠯᠠᠨ ᠰᠦᠯᠵᠢᠶᠡᠨ ᠤ ᠠᠷᠠᠳ ᠲᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠰᠤᠷᠤᠯᠴᠠᠨ | ᠡᠵᠡᠮᠰᠢᠬᠦ ᠶᠢᠨ ᠴᠢᠬᠤᠯᠠ ᠴᠢᠨᠠᠷ ᠪᠣᠯᠤᠨ ᠤᠯᠤᠰ ᠤᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠶᠢᠨ | ᠴᠢᠬᠤᠯᠠ ᠠᠴᠢ ᠬᠤᠯᠪᠣᠭᠳᠠᠯ ᠢ ᠲᠠᠨᠢᠭᠤᠯᠤᠭᠰᠠᠨ ᠪᠠᠶᠢᠨ᠎ᠠ᠃ | ᠴᠢᠮᠡᠭᠡᠯᠡᠭᠴᠢ ᠄ ᠸᠧᠨ ᠨᠠ | ᠤᠷᠴᠢᠭᠤᠯᠤᠭᠴᠢ᠄ ᠼᠦᠢ ᠴᠢᠩ | |