ᠢᠦᠢ ᠳ᠋ᠠᠶ ᠴᠢᠩ ᠶᠦᠩ ᠰᠢᠩ ᠪᠠᠯᠭᠠᠰᠤ ᠪᠠ ᠲᠢᠶᠠᠨ ᠴᠧᠩ ᠰᠢᠶᠠᠩ ᠳᠤ ᠭᠦᠨᠵᠡᠭᠡᠶᠢᠷᠡᠨ ᠠᠮᠢ ᠠᠬᠤᠶ ᠣᠷᠴᠢᠨ  ᠲᠤᠭᠤᠷᠢᠨ ᠤ ᠬᠠᠮᠠᠭᠠᠯᠠᠯᠲᠠ ᠶᠢᠨ ᠠᠵᠢᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/18
    9 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠢ ᠴᠢᠩ ᠶᠦᠩ ᠰᠢᠩ ᠪᠠᠯᠭᠠᠰᠤ ᠪᠣᠯᠤᠨ ᠲᠢᠶᠠᠨ ᠴᠧᠩ ᠰᠢᠶᠠᠩ ᠳᠤ ᠭᠦᠨᠵᠡᠭᠡᠶᠢᠷᠡᠨ ᠠᠮᠢ ᠠᠬᠤᠢ ᠣᠷᠴᠢᠨ ᠲᠣᠭᠤᠷᠢᠨ ᠤ  ᠬᠠᠮᠠᠭᠠᠯᠠᠯᠳᠡ ᠶᠢᠨ ᠠᠵᠢᠯ ᠢ ᠪᠠᠶᠢᠴᠠᠭᠠᠨ ᠰᠤᠳᠤᠯᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
         ᠢᠦᠢ ᠳ᠋ᠠᠶ ᠴᠢᠩ ᠨᠡᠷ ᠤᠷᠢᠳ ᠬᠤᠵᠢᠳ ᠶᠦᠩ ᠰᠢᠩ ᠪᠠᠯᠭᠠᠰᠤᠨ ᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠡᠳ᠋ᠰᠢᠭᠦᠯᠬᠦ ᠤᠶᠢᠯᠡᠳᠪᠤᠷᠢ ᠪᠣᠯᠤᠨ ᠲᠢᠶᠠᠨ ᠴᠧᠩ ᠰᠢᠶᠠᠩ ᠤᠨ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠤᠶᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ  ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠬᠢᠨᠠᠮᠠᠭᠠᠶ ᠰᠣᠨᠣᠰᠴᠤ᠂ ᠣᠷᠭᠠᠨᠢᠭ ᠪᠣᠷᠳᠣᠭᠤᠷ ᠣᠪᠣᠭᠠᠯᠠᠬᠤ ᠤᠶᠢᠯᠡᠳᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠪᠣᠯᠤᠨ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠳᠤᠮᠳᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃
         ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠪᠣᠯᠪᠠᠰᠤᠷᠠᠭᠤᠯᠬᠤ ᠤᠶᠢᠯᠡᠳᠪᠤᠷᠢ ᠳᠤ ᠢᠦᠢ ᠳ᠋ᠠᠢ ᠴᠢᠩ ᠱᠠᠭᠠᠷᠳᠠᠭᠰᠠᠨ ᠨᠢ᠂ ᠠᠵᠤ ᠠᠬᠤᠶᠢᠯᠠᠯ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠨᠡᠶᠢᠭᠡᠮ ᠤᠨ ᠴᠢᠬᠤᠯᠠ ᠬᠠᠷᠢᠭᠤᠴᠠᠯᠭ᠎ᠠ ᠪᠣᠯᠭᠠᠵᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠠᠢ᠃ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠠᠵᠤ ᠠᠬᠤᠶᠢᠯᠠᠯ ᠤᠨ ᠬᠥᠭᠵᠢᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠠᠵᠤ ᠠᠬᠤᠶᠢᠯᠠᠯ ᠤᠨ ᠤᠶᠢᠯᠡᠳᠪᠤᠷᠢᠯᠡᠯ ᠤᠨ ᠭᠠᠷ ᠤᠷᠠᠯᠠᠯ ᠤᠨ ᠴᠤᠪᠤᠷᠠᠯ᠂ ᠭᠠᠷ ᠤᠷᠠᠯᠠᠯ ᠤᠨ ᠵᠠᠩᠭᠢᠯᠠᠭ᠎ᠠ ᠨᠢᠭᠡᠪᠦᠷᠢ ᠶᠢ ᠴᠢᠩᠳᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠶᠢ ᠰᠠᠶᠢᠲᠤᠷ ᠠᠳᠬᠤᠵᠠᠶ᠃ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠵᠤ ᠠᠬᠤᠶᠢᠯᠠᠯ ᠬᠢᠭᠡᠳ ᠠᠮᠢ ᠠᠬᠤᠢ ᠶᠢᠨ ᠦᠷᠭᠦᠯᠵᠢᠯᠡᠨ ᠬᠥᠭᠵᠢᠬᠦ ᠶᠢ ᠦᠨᠡᠨᠬᠦ  ᠪᠠᠳᠤᠯᠠᠬᠤ ᠬᠡᠷᠡᠭᠳᠡᠢ ᠭᠡᠪᠡ᠃
       ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠦᠲᠦᠭᠡᠨ ᠪᠠᠶᠢᠭᠤᠯᠤᠯᠲᠠ  ᠶᠢᠨ ᠲᠥᠷᠥᠯ  ᠵᠤᠶᠢᠯ ᠤᠨ ᠪᠠᠷᠢᠯᠭ᠎ᠠ ᠶᠢᠨ ᠠᠬᠤᠶ ᠲᠠᠯᠠᠪᠠᠶ ᠳᠤ ᠢᠦᠢ ᠳ᠋ᠠᠶ ᠴᠢᠩ ᠴᠢᠬᠤᠯᠠᠴᠢᠯᠠᠭᠰᠠᠨ ᠨᠢ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠶᠢ  ᠠᠬᠢᠭᠤᠯᠬᠤ ᠪᠣᠯ ᠠᠮᠢ ᠠᠬᠤᠶ ᠶᠢᠨ ᠣᠷᠴᠢᠯ ᠲᠠᠷᠢᠶᠠᠯᠠᠩ ᠢ ᠬᠥᠭᠵᠢᠭᠦᠯᠵᠦ᠂ ᠪᠣᠬᠢᠷᠲᠤᠯ ᠦᠭᠡᠶ ᠬᠥᠭᠵᠢᠯᠲᠡ ᠶᠢ  ᠪᠡᠶᠡᠯᠡᠭᠦᠯᠬᠦ ᠴᠢᠬᠤᠯᠠ ᠢᠯᠡᠷᠡᠯ ᠪᠣᠯᠤᠨ᠎ᠠ᠃ ᠪᠠᠰᠠ ᠴᠤ ᠣᠳᠣ ᠦᠶ᠎ᠡ ᠶᠢᠨ ᠲᠠᠷᠢᠶᠠᠯᠠᠩ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠦᠷᠬᠦᠯᠵᠢᠯᠡᠬᠦ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠪᠠᠷᠢᠯ ᠪᠣᠯᠤᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠯᠠᠭᠤᠯᠵᠤ᠂ ᠠᠵᠢᠯᠲᠠᠨ ᠤ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ  ᠢ ᠪᠠᠲᠤᠯᠠᠭᠰᠠᠨ ᠤᠷᠢᠲᠠᠯ ᠳᠣᠣᠷ᠎ᠠ᠂  ᠪᠠᠷᠢᠯᠭ᠎ᠠ ᠶᠢᠨ ᠠᠬᠢᠴᠠ ᠶᠢ ᠦᠨᠡᠨᠬᠦ ᠲᠦᠷᠭᠡᠳᠬᠡᠵᠦ᠂ ᠪᠠᠷᠢᠯᠭ᠎ᠠ ᠶᠢᠨ ᠠᠵᠢᠯ ᠤᠨ ᠶᠠᠪᠤᠴᠠ ᠳᠤ ᠵᠣᠬᠢᠴᠠᠭᠤᠯᠬᠤ ᠴᠢᠬᠤᠯᠠᠲᠠᠶ ᠠᠰᠠᠭᠤᠳᠠᠯ ᠲᠤᠯᠭᠠᠷᠠᠪᠠᠯ ᠰᠢᠶᠠᠨ ᠤ  ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠵᠣᠯᠭᠠᠭᠤᠯᠤᠨ ᠨᠡᠪᠲᠡᠷᠡᠯᠴᠡᠵᠦ᠂ ᠡᠯ᠎ᠡ  ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ  ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠶᠦᠩ ᠰᠢᠩ ᠪᠠᠯᠭᠠᠰᠤ᠂ ᠲᠢᠶᠠᠨ ᠴᠧᠩ ᠰᠢᠶᠠᠩ ᠵᠢᠴᠢ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃                               ᠰᠤᠷᠪᠤᠯᠵᠢᠯᠠᠭᠴᠢ᠄ ᠴᠧᠨ  ᠶᠦᠨ                               ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                               ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2