ᠪᠦᠬᠦ ᠤᠯᠤᠰ ᠲᠤ ᠠᠯᠳᠠᠷᠰᠢᠭᠰᠠᠨ ᠰᠣᠶᠣᠯ ᠵᠢᠭᠤᠯᠴᠢᠯᠠᠯ ᠤᠨ ᠬᠦᠴᠦᠷᠬᠡᠭ ᠰᠢᠶᠠᠨ ᠢ ᠪᠠᠶᠢᠭᠤᠯᠬᠤ ᠪᠣᠯ | ᠮᠠᠨ ᠤ ᠰᠢᠶᠠᠨ ᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠣᠯᠤᠨ᠎ᠠ᠃ ᠮᠥᠨ ᠴᠦ ᠴᠢᠨᠠᠷ ᠰᠠᠶᠢᠲᠠᠶ ᠬᠥᠭᠵᠢᠯᠲᠡ ᠶᠢᠨ | ᠰᠢᠰᠲ᠋ᠧᠮᠲᠦ ᠢᠨᠵᠧᠨᠧᠷᠢᠩ ᠮᠥᠨ᠂ ᠡᠨᠡ ᠬᠦ ᠬᠠᠷᠠᠯᠲᠠ ᠶᠢ ᠪᠡᠶᠡᠯᠡᠭᠦᠯᠬᠦ᠂ ᠡᠨᠡ ᠬᠦ ᠢᠨᠵᠧᠨᠧᠷᠢᠩ ᠢ ᠪᠦᠲᠦᠭᠡᠨ | ᠪᠠᠶᠢᠭᠤᠯᠬᠤ ᠳᠤ ᠰᠢᠰᠲ᠋ᠧᠮ ᠤᠨ ᠲᠠᠯ᠎ᠠ ᠠᠴᠠ ᠠᠪᠴᠤ ᠦᠵᠡᠪᠡᠯ᠂ ᠨᠠᠷᠢᠨ ᠨᠢᠮᠪᠠᠶ ᠠᠷᠭ᠎ᠠ ᠰᠦᠪᠡᠭᠴᠢᠯᠡᠵᠦ᠂ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ︽ᠲᠠᠪᠤᠨ ᠶᠡᠭᠡ ᠬᠠᠷᠢᠴᠠᠭ᠎ᠠ ︾ ᠶᠢ ᠵᠥᠪ ᠰᠢᠢᠳᠪᠤᠷᠢᠯᠡᠵᠦ᠂ ᠯᠢᠶᠠᠩᠴᠧᠩ | ᠰᠢᠶᠠᠨ ᠤ ᠵᠢᠭᠤᠯᠴᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠤᠷᠢᠯᠡᠬᠦ ᠬᠡᠷᠡᠭᠲᠡᠶ᠃ ᠠᠵᠤ | ᠠᠬᠤᠶ ᠶᠢ ᠬᠥᠭᠵᠢᠭᠦᠯᠬᠦ ᠪᠠ ᠣᠷᠴᠢᠨ ᠠᠬᠤᠶ ᠶᠢ ᠬᠠᠮᠠᠭᠠᠯᠠᠬᠤ ᠶᠢᠨ ᠵᠣᠷᠢᠯᠭ᠎ᠠ ᠪᠣᠯ ᠨᠢᠭᠡᠳᠦᠯᠲᠡᠶ ᠪᠠᠶᠢᠳᠠᠭ᠂ ᠴᠥᠮ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠶᠤᠮ᠃ ᠠᠵᠤ | ᠠᠬᠤᠶ ᠶᠢᠨ ᠬᠥᠭᠵᠢᠯᠲᠡ ᠪᠣᠯᠤᠨ ᠣᠷᠴᠢᠨ ᠠᠬᠤᠶ ᠶᠢᠨ ᠬᠠᠮᠠᠭᠠᠯᠠᠯᠲᠠ ᠬᠠᠷᠢᠯᠴᠠᠨ ᠨᠥᠬᠦᠴᠡᠯᠳᠦᠵᠦ ᠬᠠᠷᠢᠯᠴᠠᠨ | ᠤᠯᠠᠷᠢᠨ ᠬᠤᠪᠢᠷᠠᠵᠤ ᠪᠣᠯᠬᠤ ᠶᠤᠮ᠃ ᠪᠢᠳᠡ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ | ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠠᠮᠠᠭᠠᠯᠠᠬᠤ ᠪᠠ ᠬᠥᠭᠵᠢᠭᠦᠯᠬᠦ ᠶᠢᠨ | ᠬᠠᠷᠢᠴᠠᠭ᠎ᠠ ᠶᠢ ᠵᠥᠪ ᠰᠢᠢᠳᠪᠤᠷᠢᠯᠡᠵᠦ ᠂ ᠬᠠᠮᠠᠭᠠᠯᠠᠬᠤ ᠪᠠ ᠬᠥᠭᠵᠢᠭᠦᠯᠬᠦ ᠶᠢ ᠨᠢᠭᠡ ᠴᠣᠭᠴᠠᠵᠢᠭᠤᠯᠤᠨ ᠲᠥᠯᠥᠪᠯᠡᠵᠦ | ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠭᠵᠢᠭᠦᠯᠬᠦ ᠳᠤᠮᠳᠠ ᠬᠠᠮᠠᠭᠠᠯᠠᠬᠤ᠂ ᠬᠠᠮᠠᠭᠠᠯᠠᠬᠤ ᠳᠤᠮᠳᠠ | ᠬᠥᠭᠵᠢᠭᠦᠯᠬᠦ ᠶᠢ ᠪᠠᠷᠢᠮᠲᠠᠯᠠᠵᠤ᠂ ᠳᠠᠭ᠎ᠠ ᠶᠢᠨ ᠨᠠᠭᠤᠷ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ ᠪᠠᠷ | ᠭᠤᠤᠯᠳᠠᠯᠭ᠎ᠠ ᠪᠣᠯᠭᠠᠭᠰᠠᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭ᠎ᠠ ᠠᠳᠬᠤᠬᠤ ᠶᠢᠨ ᠬᠠᠮᠲᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠵᠦᠶ ᠵᠣᠬᠢᠰᠲᠠᠶ ᠲᠥᠯᠥᠪᠵᠢᠭᠦᠯᠵᠦ᠂ | ᠠᠭᠤᠯᠠ ᠤᠰᠤ᠂ ᠬᠠᠯᠠᠭᠤᠨ ᠷᠠᠰᠢᠶᠠᠨ᠂ ᠣᠶ ᠰᠢᠭᠤᠶ᠂ ᠮᠥᠰᠥ ᠴᠠᠰᠤ ᠵᠡᠷᠭᠡ ᠡᠬᠢ ᠪᠠᠶᠠᠯᠢᠭ ᠢ ᠵᠣᠬᠢᠰᠲᠠᠶ | ᠨᠡᠬᠡᠭᠡᠨ ᠬᠥᠭᠵᠢᠭᠦᠯᠵᠦ᠂ ᠣᠨᠴᠠᠯᠢᠭᠲᠤ ᠵᠢᠵᠢᠭ ᠪᠠᠯᠭᠠᠰᠤᠨ ᠤ ᠵᠢᠭᠤᠯᠴᠢᠯᠠᠯ ᠪᠣᠯᠤᠨ ᠬᠥᠳᠡᠭᠡ ᠲᠣᠰᠬᠤᠨ ᠤ | ᠵᠢᠭᠤᠯᠴᠢᠯᠠᠯ ᠵᠡᠷᠭᠡ ᠶᠢ ᠬᠥᠭᠵᠢᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠠᠬᠤᠢ ᠶᠢᠨ | ᠬᠥᠭᠵᠢᠯᠲᠡ ᠶᠢ ᠵᠡᠷᠭᠡᠪᠡᠷ ᠠᠬᠢᠭᠤᠯᠵᠤ᠂ ᠣᠷᠭᠠᠨᠢᠭ ᠢᠶᠠᠷ ᠠᠭᠤᠰᠤᠯᠴᠠᠭᠤᠯᠵᠤ᠂ ᠰᠠᠶᠢᠨ ᠨᠥᠬᠦᠴᠡᠯᠳᠦᠯ ᠢ | ᠪᠡᠶᠡᠯᠡᠭᠦᠯᠦᠨ᠎ᠡ᠃ | ᠶᠡᠭᠡ ᠪᠠᠭ᠎ᠠ ᠬᠤᠶᠠᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠶᠡᠭᠡ ᠪᠠᠭ᠎ᠠ ᠨᠢ ᠡᠰᠡᠷᠭᠦ | ᠲᠡᠰᠡᠷᠭᠦ ᠶᠢᠨ ᠨᠢᠭᠡᠳᠦᠯ ᠲᠠᠢ᠂ ᠶᠡᠭᠡ ᠶᠢ ᠨᠢ ᠠᠳᠬᠤᠪᠠᠯ ᠪᠠᠭ᠎ᠠ ᠶᠢ ᠨᠢ ᠲᠠᠭᠠᠭᠤᠯᠤᠨ᠂ ᠪᠠᠭ᠎ᠠ ᠳᠤᠮᠳᠠ ᠨᠢ | ᠶᠡᠭᠡ ᠶᠢ ᠨᠢ ᠦᠵᠡᠵᠦ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠳᠤᠮᠳᠠ ᠶᠡᠭᠡ ᠲᠠᠯ᠎ᠠ ᠠᠴᠠ ᠪᠣᠳᠣᠯᠬᠢᠯᠠᠵᠤ᠂ | ᠭᠤᠣᠯ ᠢ ᠨᠢ ᠠᠳᠬᠤᠵᠤ ᠭᠤᠣᠯᠳᠠᠯᠭ᠎ᠠ ᠶᠢ ᠨᠢ ᠠᠳᠬᠤᠬᠤ ᠶᠢᠨ ᠬᠠᠮᠲᠤ ᠪᠠᠰᠠ ᠪᠠᠭ᠎ᠠ ᠲᠠᠯ᠎ᠠ ᠶᠢ ᠨᠢ ᠭᠠᠷᠳᠠᠨ ᠬᠢᠵᠦ | ᠂ ᠪᠠᠭ᠎ᠠ ᠶᠢ ᠨᠢ ᠬᠤᠷᠠᠮᠳᠤᠭᠤᠯᠤᠭᠠᠳ ᠶᠡᠭᠡ ᠪᠣᠯᠭᠠᠬᠤ ᠬᠡᠷᠡᠭᠲᠡᠢ᠃ ᠳᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ | ᠮᠥᠰᠥ ᠴᠠᠰᠤᠨ ᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠮᠠᠩᠬᠠᠨ ᠠᠭᠤᠯᠠ ᠶᠢᠨ ᠵᠢᠭᠤᠯᠴᠢᠯᠠᠯ ᠤᠨ | ᠨᠡᠭᠡᠭᠡᠨ ᠬᠥᠭᠵᠢᠭᠦᠯᠦᠯᠲᠡ ᠵᠡᠷᠭᠡ ᠬᠡᠳᠦᠨ ᠲᠣᠮᠣ ᠲᠥᠷᠥᠯ ᠵᠤᠶᠢᠯ ᠢ ᠠᠳᠬᠤᠬᠤ ᠪᠠᠷ ᠪᠠᠷᠠᠬᠤ ᠦᠭᠡᠢ᠂ ᠪᠠᠰᠠ | ᠳᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ᠂ ᠰᠦᠢ ᠮᠧᠩ ᠤᠨ | ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ᠂ ᠬᠥᠳᠡᠭᠡ ᠲᠣᠰᠬᠤᠨ ᠤ ᠵᠤᠭᠠᠴᠠᠯ ᠵᠡᠷᠭᠡ ᠶᠢᠨ ᠲᠤᠭᠤᠷᠢᠨ ᠳᠤ | ᠨᠢᠭᠡ ᠪᠦᠯᠦᠭ ᠵᠢᠵᠢᠭ ᠲᠦᠷᠦᠯ ᠵᠦᠢᠯ ᠢ ᠠᠳᠬᠤᠬᠤ ᠬᠡᠷᠡᠭᠲᠡᠢ᠃ ᠲᠤᠮᠤ ᠲᠦᠷᠦᠯ ᠵᠦᠢᠯ ᠨᠢ ᠰᠡᠬᠦ᠋ᠢᠨ | ᠰᠦᠨᠳᠡᠷᠯᠡᠵᠦ᠂ ᠵᠢᠵᠢᠭ ᠲᠦᠷᠦᠯ ᠵᠦᠢᠯ ᠨᠢ ᠲᠩᠷᠢ ᠭᠠᠵᠠᠷ ᠢ ᠪᠦᠷᠬᠦᠬᠦ ᠬᠡᠷᠡᠭ ᠲᠠᠢ ᠃ ᠣᠷᠣᠨ ᠤ ᠳᠣᠲᠣᠨ᠎ᠠ | ᠭᠠᠳᠠᠨᠠᠬᠢ ᠪᠣᠳᠠᠲᠤ ᠬᠦᠴᠦᠨ ᠢᠶᠠᠷ ᠴᠢᠩᠭ᠎ᠠ ᠲᠣᠮᠣ ᠵᠢᠭᠤᠯᠴᠢᠯᠠᠯ ᠤᠨ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ | ᠵᠣᠯᠭᠠᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠪᠠᠰᠠ ᠰᠢᠶᠠᠨ ᠤ ᠳᠣᠲᠣᠷ᠎ᠠ ᠭᠠᠳᠠᠨᠠᠬᠢ ᠶᠢ ᠳᠠᠶᠢᠴᠢᠯᠠᠬᠤ ᠬᠡᠷᠡᠭᠲᠡᠶ | ᠃ ᠢᠯᠠᠩᠭᠤᠶ᠎ᠠ ᠯᠢᠶᠠᠩᠴᠧᠩ ᠰᠢᠶᠠᠨ ᠤ ᠰᠢᠯᠢᠳᠡᠭ ᠠᠵᠤ ᠠᠬᠤᠶᠢᠯᠠᠯᠲᠠᠨ ᠨᠤᠲᠤᠭ ᠤᠨ ᠰᠣᠶᠣᠯ ᠵᠢᠭᠤᠯᠴᠢᠯᠠᠯ ᠤᠨ | ᠠᠵᠦ ᠤᠶᠢᠯᠡᠰ ᠤᠨ ᠬᠥᠭᠵᠢᠯᠲᠡ ᠳᠤ ᠣᠷᠣᠯᠴᠠᠵᠤ᠂ ᠲᠣᠮᠣ ᠪᠡᠯᠡ ᠣᠷᠣᠭᠤᠯᠤᠯᠲᠠ ᠶᠢᠨ ᠬᠤᠳᠠᠯᠳᠤᠭᠠᠴᠢᠳ ᠤᠨ | ᠠᠩᠬᠠᠷᠤᠯ ᠢ ᠲᠠᠲᠠᠬᠤ ᠶᠢ ᠪᠡᠶᠡᠯᠡᠭᠦᠯᠦᠨ᠎ᠡ᠃ ᠵᠢᠵᠢᠭ ᠪᠡᠯᠡ ᠣᠷᠣᠭᠤᠯᠤᠯᠲᠠ ᠶᠢᠨ ᠬᠤᠳᠠᠯᠳᠤᠭᠠᠴᠢᠨ ᠬᠤᠶᠢᠨ᠎ᠠ | ᠬᠤᠶᠢᠨ᠎ᠠ ᠠᠴᠠ ᠪᠠᠨ ᠬᠦᠷᠦᠯᠴᠡᠨ ᠢᠷᠡᠵᠦ᠂ ᠯᠢᠶᠠᠩᠴᠧᠩ ᠢ ᠬᠥᠬᠡᠬᠤᠲᠠ ᠶᠢᠨ ᠡᠷᠬᠢᠨ ᠲᠣᠭᠤᠷᠢᠨ ᠤ ᠴᠢᠬᠤᠯᠠ | ᠵᠤᠭᠠᠴᠠᠯ ᠤᠨ ᠪᠡᠯᠡ ᠣᠷᠣᠭᠤᠯᠤᠯᠲᠠ ᠶᠢᠨ ᠭᠠᠵᠠᠷ ᠪᠤᠯᠭᠠᠨ᠎ᠠ᠃ | ︽ᠬᠦᠳᠡᠯᠦᠩᠭᠦᠢ︾ ᠪᠠ ︽ ᠲᠠᠶᠢᠪᠤᠩ︾ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ᠃ | ᠵᠢᠭᠤᠯᠴᠢᠯᠠᠯ ᠤᠨ ᠲᠥᠷᠥᠯ ᠵᠤᠶᠢᠯ ᠤᠨ ᠲᠥᠯᠥᠪᠵᠢᠭᠦᠯᠭᠡ ᠬᠥᠭᠵᠢᠯᠲᠡ ᠶᠢᠨ ᠳᠤᠮᠳᠠ ᠬᠡᠤᠬᠡᠳ ᠵᠠᠯᠠᠭᠤᠴᠤᠳ ᠵᠡᠷᠭᠡ | ᠨᠡᠶᠢᠲᠡ ᠴᠣᠭᠴᠠ ᠳᠤ ᠴᠢᠭᠯᠡᠭᠦᠯᠵᠦ᠂ ︽ᠬᠦᠳᠡᠯᠦᠩᠭᠦᠢ︾ ᠵᠢᠭᠤᠯᠴᠢᠯᠠᠯ ᠤᠨ ᠲᠥᠷᠥᠯ ᠵᠤᠶᠢᠯ ᠢ ᠬᠥᠭᠵᠢᠭᠦᠯᠵᠦ᠂ | ᠲᠣᠭᠤᠷᠢᠨ ᠵᠤᠭᠠᠴᠠᠬᠤ ᠵᠤᠭ᠎ᠠ ᠴᠡᠩᠭᠡᠯ᠂ ᠬᠡᠤᠬᠡᠳ ᠤᠨ ᠵᠤᠭ᠎ᠠ ᠴᠡᠩᠭᠡᠯ᠂ ᠴᠠᠰᠤᠨ ᠳᠤ ᠭᠤᠯᠭᠤᠬᠤ ᠮᠥᠰᠥ ᠲᠡᠰᠢᠬᠦ | ᠵᠡᠷᠭᠡ ︽ᠬᠦᠳᠡᠯᠦᠩᠭᠦᠢ︾ ᠪᠠᠷ ᠭᠤᠤᠯ ᠪᠤᠯᠭᠠᠭᠰᠠᠨ ᠵᠢᠭᠤᠯᠴᠢᠯᠠᠯ ᠤᠨ ᠪᠦᠲᠦᠭᠡᠭᠳᠡᠬᠦᠨ ᠢ ᠭᠠᠷᠭᠠᠨ᠎ᠠ᠃ ᠪᠠᠰᠠ | ᠨᠠᠰᠤᠲᠠᠶᠢᠴᠤᠳ᠂ ᠢᠳᠡᠷ ᠨᠠᠰᠤᠨ ᠤ ᠵᠡᠷᠭᠡ ᠬᠥᠮᠦᠰ ᠲᠤ ᠴᠢᠭᠯᠡᠭᠦᠯᠦᠨ᠂ ︽ᠨᠠᠮ ᠵᠢᠮ︾ ᠵᠢᠭᠤᠯᠴᠢᠯᠠᠯ ᠤᠨ | ᠲᠥᠷᠥᠯ ᠵᠦᠢᠯ ᠢ ᠬᠥᠭᠵᠢᠭᠦᠯᠬᠦ ᠳᠤ ᠬᠠᠯᠠᠭᠤᠨ ᠷᠠᠰᠢᠶᠠᠨ᠂ ᠬᠥᠳᠡᠭᠡ ᠲᠣᠰᠬᠤᠨ ᠤ ᠭᠤᠶᠤ ᠦᠵᠡᠮᠵᠢ ᠵᠡᠷᠭᠡ ᠳᠤ | ᠲᠦᠰᠢᠭᠯᠡᠨ᠂ ᠡᠷᠡᠭᠦᠯᠵᠢᠯ ᠰᠤᠪᠢᠯᠠᠯᠲᠠ᠂ ᠠᠮᠠᠷᠠᠯᠲᠠ ᠵᠡᠷᠭᠡ ︽ᠨᠠᠮ ᠵᠢᠮ︾ ᠢᠶᠠᠷ ᠭᠤᠤᠯ ᠪᠣᠯᠭᠠᠭᠰᠠᠨ | ᠵᠢᠭᠤᠯᠴᠢᠯᠠᠯ ᠤᠨ ᠤᠶᠢᠯᠡᠳᠭᠦᠨ ᠢ ᠭᠠᠷᠭᠠᠨ᠎ᠠ᠃ ︽ ᠬᠦᠳᠡᠯᠦᠩᠭᠦᠢ︾ ᠪᠠ ︽ᠲᠠᠶᠢᠪᠤᠩ︾ ᠢ ᠬᠠᠷᠢᠯᠴᠠᠨ | ᠤᠶᠠᠯᠳᠤᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠶ᠃ ︽ᠲᠠᠶᠢᠪᠤᠩ︾ ᠢᠶᠠᠷ ᠭᠤᠣᠯ ᠪᠣᠯᠭᠠᠭᠰᠠᠨ | ᠵᠢᠭᠤᠯᠴᠢᠯᠠᠯ ᠤᠨ ᠲᠥᠷᠥᠯ ᠵᠦᠢᠯ ᠨᠢ ᠴᠦ ︽ᠬᠦᠳᠡᠯᠦᠩᠭᠦᠢ︾ ᠲᠥᠷᠥᠯ ᠵᠤᠶᠢᠯ ᠢ ᠵᠣᠬᠢᠰᠲᠠᠶ ᠨᠡᠮᠡᠭᠳᠡᠭᠦᠯᠵᠦ᠂ | ᠢᠳᠡᠷ ᠥᠲᠡᠯᠦᠭᠡ ᠨᠠᠰᠤᠨ ᠤ ᠪᠦᠪᠡᠢ ᠬᠡᠦᠬᠡᠳ ᠤᠨ ᠪᠣᠯᠪᠠᠰᠤᠷᠠᠯ ᠠᠮᠠᠷᠠᠯᠲᠠ ᠶᠢᠨ ᠬᠡᠷᠡᠭᠴᠡᠭᠡ ᠶᠢ ᠬᠠᠩᠭᠠᠵᠤ᠂ ︽ | ᠬᠥᠳᠡᠯᠭᠡᠬᠦ︾ ᠪᠠᠷ ᠭᠤᠤᠯ ᠪᠣᠯᠭᠠᠭᠰᠠᠨ ᠵᠢᠭᠤᠯᠴᠢᠯᠠᠯ ᠤᠨ ᠲᠥᠷᠥᠯ ᠵᠤᠶᠢᠯ ᠳᠤ ᠴᠦ ︽ᠨᠠᠮ ᠵᠢᠮ︾ ᠪᠠᠶᠢᠬᠤ | ᠲᠦᠷᠦᠯ ᠵᠤᠶᠢᠯ ᠢ ᠵᠣᠬᠢᠰᠲᠠᠶ ᠨᠡᠮᠡᠭᠳᠡᠭᠦᠯᠵᠦ᠂ ᠵᠤᠭᠠᠴᠠᠭᠰᠠᠳ ᠤᠨ ᠰᠡᠯᠡᠭᠦᠴᠡᠨ ᠰᠤᠪᠢᠯᠠᠬᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ | ᠬᠠᠩᠭᠠᠯᠭ᠎ᠠ ᠪᠣᠯᠤᠨ ᠬᠡᠷᠡᠭᠴᠡᠭᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ︽ᠨᠠᠶᠠᠭᠠᠳ | ᠣᠨ ᠳᠤ ᠲᠥᠷᠥᠭᠰᠡᠨ︾᠂ ︽ᠶᠡᠷᠡᠭᠡᠳ ᠣᠨ ᠳᠤ ᠲᠥᠷᠥᠭᠰᠡᠨ︾ ᠨᠢ ᠠᠭᠠᠵᠢᠮ ᠢᠶᠠᠷ ᠵᠢᠭᠤᠯᠴᠢᠯᠠᠯ ᠤᠨ | ᠬᠡᠷᠡᠭᠯᠡᠭᠡᠨ ᠤ ᠭᠤᠣᠯ ᠬᠦᠴᠦᠨ ᠪᠣᠯᠵᠤ᠂ ᠬᠡᠷᠡᠭᠯᠡᠭᠡᠨ ᠤ ᠳᠡᠰ ᠳᠡᠪᠰᠢᠬᠦ ᠪᠠ ᠵᠦᠷᠢᠶᠡᠵᠢᠬᠦ ᠬᠠᠨᠳᠤᠰᠢ ᠨᠠᠩ ᠢᠯᠡᠷᠬᠡᠶ | ᠪᠣᠯᠬᠤ ᠪᠣᠯᠤᠨ᠎ᠠ᠃ 2019 ᠣᠨ ᠤ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠲᠣᠪᠴᠢᠶᠠᠨ | ᠳᠠᠷᠤᠭ᠎ᠠ ᠨᠠᠷ ᠤᠨ ᠬᠤᠷᠠᠯ ᠠᠴᠠ ᠮᠡᠳᠡᠭᠡ ᠳᠠᠮᠵᠢᠭᠤᠯᠪᠠ᠄ ᠮᠠᠨ ᠤ ᠤᠯᠤᠰ ᠬᠥᠳᠡᠭᠡ ᠲᠣᠰᠬᠤᠨ ᠤ ᠠᠷᠠᠳ ᠤᠨ | ᠣᠷᠣᠨ ᠰᠠᠭᠤᠴᠠ ᠪᠠᠷ ᠭᠠᠷᠳᠠᠴᠠ ᠪᠤᠯᠭᠠᠵᠤ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠮᠥᠰᠥ ᠴᠠᠰᠤᠨ ᠤ ᠵᠢᠭᠤᠯᠴᠢᠯᠠᠯ᠂ ᠬᠠᠯᠠᠭᠤᠨ | ᠷᠠᠰᠢᠶᠠᠨ ᠤ ᠵᠢᠭᠤᠯᠴᠢᠯᠠᠯ᠂ ᠥᠪᠡᠷ ᠢᠶᠠᠷ ᠲᠡᠷᠭᠡ ᠵᠢᠯᠣᠭᠤᠳᠴᠤ ᠤᠷᠤᠰᠢᠨ ᠰᠠᠭᠤᠬᠤ ᠮᠠᠰᠢᠨ ᠲᠡᠷᠭᠡᠨ ᠤ | ᠵᠢᠭᠤᠯᠴᠢᠯᠠᠯ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠵᠢᠭᠤᠯᠴᠢᠯᠠᠯ ᠵᠡᠷᠭᠡ ᠶᠢ ᠡᠮᠬᠢ ᠵᠢᠷᠤᠮ ᠲᠠᠢ ᠪᠠᠷ | ᠬᠥᠲᠥᠯᠥᠨ ᠵᠢᠯᠣᠭᠤᠳᠬᠤ ᠪᠠ ᠠᠬᠢᠭᠤᠯᠤᠨ᠎ᠠ᠃ ᠪᠢᠳᠡ ᠵᠠᠬ᠎ᠠ ᠳᠡᠯᠭᠡᠭᠦᠷ ᠤᠨ ᠬᠡᠷᠡᠭᠴᠡᠭᠡ ᠳᠤ ᠭᠦᠢᠴᠡᠳ | ᠨᠡᠶᠢᠴᠡᠭᠦᠯᠵᠦ᠂ ᠰᠣᠶᠣᠯ ᠤᠨ ᠪᠡᠶᠡᠴᠢᠯᠡᠨ ᠣᠶᠢᠯᠠᠭᠠᠬᠤ ᠵᠢᠭᠤᠯᠴᠢᠯᠠᠯ ᠤᠨ ᠤᠶᠢᠯᠡᠳᠭᠦᠨ ᠢ ᠭᠦᠨᠵᠡᠭᠡᠶ ᠨᠡᠭᠡᠭᠡᠨ | ᠬᠥᠭᠵᠢᠭᠦᠯᠵᠦ᠂ ᠤᠳᠤ ᠪᠠᠶᠢᠭ᠎ᠠ ᠵᠢᠭᠤᠯᠴᠢᠯᠠᠯ ᠤᠨ ᠤᠶᠢᠯᠡᠳᠭᠦᠨ ᠤ ᠲᠠᠲᠠᠬᠤ ᠬᠦᠴᠦᠨ ᠪᠠ ᠵᠢᠭᠤᠯᠴᠢᠯᠠᠯ ᠤᠨ | ᠦᠨ᠎ᠡ ᠦᠷᠳᠡᠭ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠶ᠃ | ᠪᠦᠬᠦ ᠲᠠᠯ᠎ᠠ ᠪᠠ ᠬᠡᠰᠡᠭ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠪᠦᠬᠦ | ᠲᠠᠯ᠎ᠠ ᠶᠢᠨ ᠦᠵᠡᠯᠲᠡ ᠶᠢ ᠪᠤᠢ ᠪᠣᠯᠭᠠᠵᠤ᠂ ᠬᠡᠰᠡᠭ ᠲᠠᠯ᠎ᠠ ᠨᠢ ᠪᠦᠬᠦ ᠲᠠᠯ᠎ᠠ ᠶᠢ ᠳᠠᠭᠠᠬᠤ ᠬᠡᠷᠡᠭᠲᠡᠶ᠃ ᠪᠦᠬᠦ ᠲᠠᠯ᠎ᠠ | ᠰᠢᠢᠳᠪᠤᠷᠢᠯᠡᠭᠴᠢ ᠪᠠᠶᠢᠷᠢᠨ ᠳᠤ ᠪᠠᠶᠢᠵᠤ᠂ ᠬᠡᠰᠡᠭ ᠲᠠᠯ᠎ᠠ ᠨᠢ ᠬᠠᠷᠢᠶᠠᠯᠠᠭᠳᠠᠬᠤ ᠪᠠᠶᠢᠷᠢᠨ ᠳᠤ ᠪᠠᠶᠢᠳᠠᠭ᠃ ᠪᠦᠬᠦ | ᠲᠠᠯ᠎ᠠ ᠨᠢ ᠬᠡᠰᠡᠭ ᠲᠠᠯ᠎ᠠ ᠠᠴᠠ ᠥᠨᠳᠥᠷ᠂ ᠬᠡᠰᠡᠭ ᠲᠠᠯ᠎ᠠ ᠶᠢ ᠶᠡᠷᠦᠩᠬᠡᠶᠢᠯᠡᠨ ᠵᠠᠬᠢᠷᠴᠤ᠂ ᠬᠡᠰᠡᠭ ᠲᠠᠯ᠎ᠠ ᠨᠢ ᠡᠷᠬᠡᠪᠰᠢ | ᠪᠦᠬᠦ ᠲᠠᠯ᠎ᠠ ᠶᠢ ᠳᠠᠭᠠᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ | ᠪᠣᠯ ᠮᠠᠨ ᠤ ᠰᠢᠶᠠᠨ ᠤ ᠪᠦᠬᠦ ᠲᠠᠯ᠎ᠠ ᠶᠢᠨ ᠴᠢᠨᠠᠷᠲᠠᠶ ᠠᠵᠢᠯ ᠮᠥᠨ᠂ ᠪᠦᠬᠦ ᠰᠢᠶᠠᠨ ᠢᠶᠠᠷ ᠢᠶᠠᠨ ᠴᠥᠮ ᠡᠨᠡ ᠬᠦ | ᠪᠦᠬᠦ ᠲᠠᠯ᠎ᠠ ᠶᠢ ᠤᠬᠠᠮᠰᠠᠷ ᠠᠴᠠ ᠪᠠᠨ ᠲᠠᠭᠠᠵᠤ ᠤᠶᠢᠯᠡᠴᠢᠯᠡᠬᠦ ᠬᠡᠷᠡᠭᠲᠡᠶ᠃ ᠠᠵᠢᠯ ᠤᠨ ᠬᠦᠴᠦᠨ ᠢ | ᠪᠠᠶᠢᠷᠢᠰᠢᠭᠤᠯᠬᠤ ᠲᠠᠯ᠎ᠠ ᠪᠠᠷ ᠲᠦᠷᠪᠡᠠ ᠶᠡᠭᠡ ᠤᠳᠤᠷᠢᠳᠬᠤ ᠪᠠᠭ ᠢ ᠠᠳᠬᠤᠬᠤ ᠪᠠᠷ ᠪᠠᠷᠠᠬᠤ ᠤᠢᠭᠡᠢ᠂ ᠰᠠᠯᠠᠭ᠎ᠠ | ᠮᠥᠴᠢᠷ᠂ ᠰᠢᠶᠠᠩ ᠪᠠᠯᠭᠠᠰᠤ ᠴᠤ ᠠᠳᠬᠤᠬᠤ ᠬᠡᠷᠡᠭᠲᠡᠢ᠃ ᠠᠵᠢᠯ ᠤᠨ ᠡᠭᠦᠷᠭᠡ ᠴᠢᠳᠠᠪᠤᠷᠢ ᠶᠢᠨ ᠬᠤᠪᠢᠷᠠᠯᠲᠠ ᠠᠴᠠ | ᠠᠪᠴᠤ᠂ ᠡᠭᠦᠷᠭᠡ ᠴᠢᠳᠠᠪᠤᠷᠢ ᠨᠢᠭᠲᠠ ᠬᠤᠯᠪᠣᠭ᠎ᠠ ᠲᠠᠢ ᠰᠠᠯᠠᠭ᠎ᠠ ᠲᠣᠪᠴᠢᠶ᠎ᠠ ᠶᠢ ᠠᠳᠬᠤᠬᠤ ᠬᠡᠷᠡᠭᠲᠡᠶ᠂ ᠨᠢᠭᠲᠠ | ᠪᠢᠰᠢ ᠪᠠᠶᠢᠬᠤ ᠶᠢ ᠪᠠᠰᠠ ᠠᠳᠬᠤᠬᠤ ᠬᠡᠷᠡᠭᠲᠡᠶ᠃ ᠪᠦᠬᠦ ᠠᠵᠢᠯᠲᠠᠨ ᠵᠢᠭᠤᠯᠴᠢᠯᠠᠯ ᠢ ᠠᠳᠬᠤᠨ ᠬᠤᠳᠠᠯᠳᠤᠭᠠᠴᠢᠨ | ᠤᠷᠢᠵᠤ᠂ ᠪᠦᠬᠦ ᠠᠵᠢᠯᠲᠠᠨ ᠲᠥᠷᠥᠯ ᠵᠦᠢᠯ ᠢ ᠲᠡᠮᠡᠴᠡᠨ ᠣᠯᠬᠤ ᠪᠠ ᠵᠢᠭᠤᠯᠴᠢᠯᠠᠯ ᠤᠨ ᠤᠬᠠᠭᠤᠯᠭ᠎ᠠ ᠶᠢ | ᠠᠳᠬᠤᠨ᠎ᠠ᠃ ᠠᠵᠤ ᠤᠶᠢᠯᠡᠰ ᠤᠨ ᠪᠦᠲᠦᠴᠡ ᠶᠢᠨ ᠲᠠᠷᠬᠠᠯᠲᠠ ᠶᠢᠨ ᠲᠠᠯ᠎ᠠ ᠪᠠᠷ ᠭᠤᠷᠪᠠᠳᠤᠭᠠᠷ ᠠᠵᠤ ᠤᠶᠢᠯᠡᠰ | ᠰᠣᠶᠣᠯ ᠵᠢᠭᠤᠯᠴᠢᠯᠠᠯ ᠢᠶᠠᠷ ᠭᠤᠤᠯ ᠪᠣᠯᠭᠠᠨ᠎ᠠ᠃ ᠨᠢᠭᠡᠳᠦᠭᠡᠷ ᠠᠵᠤ ᠤᠶᠢᠯᠡᠰ᠂ ᠬᠤᠶᠠᠳᠤᠭᠠᠷ ᠠᠵᠤ ᠤᠶᠢᠯᠡᠰ ᠢ | ᠰᠣᠶᠣᠯ ᠵᠢᠭᠤᠯᠴᠢᠯᠠᠯ ᠤᠨ ᠲᠣᠭᠤᠷᠢᠨ ᠳᠤ ᠥᠷᠭᠡᠳᠬᠡᠵᠦ᠂ ᠨᠡᠶᠢᠭᠡᠮ ᠤᠨ ᠤᠶᠢᠯᠡᠰ᠂ ᠨᠠᠮ ᠤᠨ ᠪᠠᠶᠢᠭᠤᠯᠤᠯᠲᠠ ᠶᠢᠨ | ᠠᠵᠢᠯ ᠴᠤ ᠰᠣᠶᠣᠯ ᠵᠢᠭᠤᠯᠴᠢᠯᠠᠯ ᠤᠨ ᠲᠣᠭᠤᠷᠢᠨ ᠳᠤ ᠤᠶᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠶ᠃ ᠪᠦᠬᠦ | ᠰᠢᠶᠠᠨ ᠢᠶᠠᠷ ᠢᠶᠠᠨ ᠬᠥᠮᠦᠨ ᠪᠦᠬᠦᠨ ᠵᠢᠭᠤᠯᠴᠢᠯᠠᠯ ᠢ ᠬᠠᠯᠠᠮᠵᠢᠯᠠᠬᠤ᠂ ᠵᠢᠭᠤᠯᠴᠢᠯᠠᠯ ᠢ ᠳᠡᠮᠵᠢᠬᠦ᠂ ᠵᠢᠭᠤᠯᠴᠢᠯᠠᠯ ᠳᠤ | ᠣᠷᠣᠯᠴᠠᠬᠤ ᠠᠮᠢᠳᠤᠯᠢᠭ ᠪᠠᠶᠢᠳᠠᠯ ᠢ ᠪᠤᠢ ᠪᠤᠯᠭᠠᠨ᠎ᠠ᠃ | | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |