ᠵᠠᠩ ᠯᠢ ᠸᠧᠨ ᠬᠦᠷᠢᠶᠡᠨ ᠤ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/21
    ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠠᠩ ᠯᠢ ᠸᠧᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠶᠠᠳᠠᠭᠤ ᠬᠦᠴᠢᠷᠲᠡᠶ ᠡᠷᠦᠬᠡ ᠶᠢᠨ ᠬᠦᠷᠢᠶ᠎ᠡ  ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ ᠬᠡᠰᠡᠭ ᠶᠠᠳᠠᠭᠤ  ᠬᠦᠴᠢᠷᠳᠡᠯᠳᠡᠢ ᠡᠷᠦᠬᠡ ᠶᠢ ᠰᠤᠷᠪᠤᠯᠵᠢᠯᠠᠵᠠᠶ᠃ ᠬᠦᠷᠢᠶᠡᠨ ᠤ ᠠᠵᠤ ᠠᠬᠤᠢ ᠶᠢᠨ ᠲᠠᠷᠢᠵᠤ ᠲᠡᠵᠢᠭᠡᠬᠦ ᠬᠡᠪᠴᠢᠶ᠎ᠡ᠂ ᠪᠣᠷᠣᠯᠠᠭᠤᠯᠬᠤ ᠠᠷᠭ᠎ᠠ ᠵᠠᠮ᠂ ᠦᠷ᠎ᠡ ᠪᠦᠲᠦᠮᠵᠢ ᠶᠢᠨ ᠠᠰᠢᠭ ᠣᠷᠣᠯᠭ᠎ᠠ ᠵᠢᠴᠢ ᠢᠷᠡᠭᠡᠳᠦᠶ ᠶᠢᠨ ᠬᠥᠭᠵᠢᠯᠲᠡ ᠶᠢᠨ ᠰᠡᠳᠬᠢᠴᠡ ᠶᠢ ᠨᠠᠷᠢᠨ ᠣᠶᠢᠯᠠᠭᠠᠵᠤ᠂ ᠲᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠪᠠ᠃
          ᠵᠠᠩ ᠯᠢ ᠸᠧᠨ  ᠱᠠᠭᠠᠷᠳᠠᠭᠰᠠᠨ ᠨᠢ᠂  ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠳᠤᠷᠢᠳᠤᠯᠭ᠎ᠠ ᠪᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠬᠢ ᠬᠦᠷᠢᠶᠡᠨ ᠤ ᠠᠵᠤ ᠠᠬᠤᠢ ᠶᠢᠨ ᠴᠢᠬᠤᠯᠠ  ᠤᠶᠢᠯᠡᠳᠤᠯ ᠢ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠬᠥᠮᠦᠨ ᠬᠥᠮᠦᠨ ᠤ  ᠪᠠᠶᠢᠳᠠᠯ ᠳᠤᠨᠢ ᠲᠣᠬᠢᠷᠠᠭᠤᠯᠵᠤ᠂ ᠶᠠᠳᠠᠭᠤ ᠬᠦᠴᠢᠷᠳᠡᠯᠲᠡᠶ ᠲᠣᠰᠬᠤᠨ ᠪᠣᠯᠤᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠪᠣᠳᠠᠲᠤ ᠪᠠᠶᠢᠳᠠᠯ ᠢᠶᠠᠨ  ᠬᠦᠭᠵᠢᠭᠦᠯᠬᠦ ᠳᠤ ᠲᠣᠬᠢᠷᠠᠬᠤ ᠬᠦᠷᠢᠶᠡᠨ ᠤ ᠠᠵᠤ ᠠᠬᠤᠢ ᠶᠢᠨ ᠲᠥᠷᠥᠯ  ᠵᠤᠶᠢᠯ ᠢ ᠶᠡᠬᠡᠪᠡᠷ ᠲᠡᠳᠬᠦᠬᠦ ᠬᠡᠷᠡᠭᠲᠡᠶ᠃ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠨᠡᠶᠢᠲᠡᠯᠢᠭ ᠵᠢᠱᠢᠶ᠎ᠡ ᠪᠠᠷ ᠵᠠᠮᠴᠢᠯᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠠᠷᠭ᠎ᠠ ᠶᠢ ᠠᠪᠴᠤ᠂  ᠬᠦᠷᠢᠶᠡᠨ ᠤ ᠠᠵᠤ ᠠᠬᠤᠶ ᠶᠢᠨ ᠠᠵᠤ ᠤᠶᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠵᠢᠭ ᠬᠦᠷᠢᠶ᠎ᠡ ᠬᠠᠰᠢᠶ᠎ᠠ ᠲᠤᠮᠤ ᠠᠵᠤ ᠠᠬᠤᠶ ᠶᠢ ᠦᠨᠡᠨ ᠬᠦ ᠪᠡᠶᠡᠯᠡᠭᠦᠯᠵᠦ᠂ ᠤᠯᠠᠨ ᠲᠦᠮᠡᠨ ᠤ ᠣᠷᠣᠯᠭ᠎ᠠ ᠶᠢ   ᠨᠢ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠲᠠᠶᠢᠴᠢᠯᠠᠨ᠎ᠠ᠃
          ᠵᠠᠩ ᠯᠢ ᠸᠧᠨ ᠴᠢᠬᠤᠯᠠᠴᠢᠯᠠᠭᠰᠠᠨ ᠨᠢ᠂ ︽ᠵᠢᠵᠢᠭ ᠲᠠᠷᠢᠮᠠᠯ᠂ ᠵᠢᠵᠢᠭ ᠲᠡᠵᠢᠭᠡᠨ ᠦᠷᠡᠵᠢᠭᠦᠯᠬᠦ᠂ ᠵᠢᠵᠢᠭ ᠭᠠᠷ  ᠤᠶᠢᠯᠡᠳᠪᠤᠷᠢ᠂ ᠵᠢᠵᠢᠭ ᠠᠷᠠᠯᠵᠢᠶ᠎ᠠ᠂ ᠵᠢᠵᠢᠭ ᠡᠯᠧᠺᠲᠷᠣᠨ ᠬᠤᠳᠠᠯᠳᠤᠭ᠎ᠠ᠂ ᠵᠢᠵᠢᠭ  ᠤᠶᠢᠯᠡᠳᠭᠡᠯ ᠤᠨ ᠭᠠᠵᠠᠷ︾ ᠤᠨ ᠣᠷᠣᠯᠭ᠎ᠠ ᠶᠢ ᠨᠡᠮᠡᠭᠳᠡᠭᠦᠯᠬᠦ ᠵᠢᠵᠢᠭ ᠠᠵᠤ  ᠤᠶᠢᠯᠡᠰ ᠢ ᠪᠥᠬᠦ ᠬᠦᠴᠦᠨ ᠢᠶᠠᠷ ᠢᠶᠠᠨ ᠬᠥᠭᠵᠢᠭᠦᠯᠵᠦ᠂ ︽ᠨᠢᠭᠡ ᠭᠠᠵᠠᠷ ᠨᠢᠭᠡ ᠠᠵᠤ  ᠤᠶᠢᠯᠡᠰ᠂ ᠨᠢᠭᠡ  ᠲᠤᠰᠬᠤᠨ ᠨᠢᠭᠡ ᠲᠥᠷᠥᠯ  ᠵᠤᠶᠢᠯ᠂ ᠨᠢᠭᠡ ᠡᠷᠦᠬᠡ ᠨᠢᠭᠡ ᠥᠩᠭᠡ︾ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢᠨ ᠠᠵᠤ  ᠤᠶᠢᠯᠡᠰ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠶ᠃ ᠮᠥᠷᠳᠡᠨ ᠦᠢᠯᠡᠴᠢᠯᠡᠵᠦ᠂ ᠪᠠᠲᠤᠯᠠᠭ᠎ᠠ ᠬᠠᠩᠭᠠᠵᠤ᠂ ᠡᠯ᠎ᠡ ᠰᠢᠶᠠᠩ ᠪᠠᠯᠭᠠᠰᠤ ᠨᠢ ᠮᠡᠷᠭᠡᠵᠢᠯ ᠤᠨ ᠲᠠᠯ᠎ᠠ ᠪᠠᠷ ᠨᠢᠭᠡ ᠴᠣᠭᠴᠠᠵᠢᠭᠤᠯᠤᠭᠰᠠᠨ  ᠤᠶᠢᠯᠡᠴᠢᠯᠡᠭᠡ ᠬᠠᠩᠭᠠᠵᠤ᠂ ᠬᠦᠷᠢᠶᠡᠨ ᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠥᠪᠡᠷᠮᠢᠴᠡ ᠣᠨᠴᠠᠯᠢᠭ ᠲᠠᠢ᠂ ᠳᠠᠪᠠᠭᠤᠯᠢᠭ ᠪᠦᠬᠦᠢ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠢ  ᠲᠦᠪᠯᠡᠷᠡᠭᠦᠯᠦᠨ ᠬᠥᠭᠵᠢᠭᠦᠯᠵᠦ᠂ ᠰᠡᠳᠬᠢᠴᠡ ᠪᠠᠨ ᠥᠷᠭᠡᠳᠬᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠵᠠᠭᠪᠤᠷ  ᠢ ᠪᠦᠷᠢᠯᠳᠦᠭᠦᠯᠵᠦ᠂ ᠦᠷᠭᠦᠯᠵᠢᠯᠡᠬᠦ ᠬᠥᠭᠵᠢᠯᠲᠡ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃
          ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠷ ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃                                                                                       ᠰᠤᠷᠪᠤᠯᠵᠢᠯᠠᠭᠴᠢ  ᠄   ᠯᠢ ᠰᠢᠶᠣᠤ ᠡᠾᠦ᠋ᠢ    ᠴᠧᠨ ᠶᠦᠨ                                   ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                   ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2