ᠮᠠᠨ ᠤ ᠰᠢᠶᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠤᠶᠢᠯᠡᠳᠪᠤᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2020/9/21
     ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 9 ᠰᠠᠷ᠎ᠠ ᠶᠢᠨ 17 ᠤ ᠡᠳᠦᠷ᠂ ᠮᠠᠨ ᠤ ᠰᠢᠶᠠᠨ ᠬᠤᠩ ᠮᠤᠤ ᠪᠠᠯᠭᠠᠰᠤᠨ ᠳᠤ ᠶᠠᠳᠠᠭᠤ ᠶᠢ ᠲᠡᠳᠬᠦᠬᠦ  ᠤᠶᠢᠯᠡᠳᠭᠦᠨ ᠤ ᠤᠶᠢᠯᠡᠳᠪᠤᠷᠢᠯᠡᠯ ᠪᠣᠷᠣᠯᠠᠭᠤᠯᠭ᠎ᠠ  ᠶᠢ ᠵᠣᠯᠭᠠᠭᠤᠯᠬᠤ ᠬᠤᠷᠠᠯ ᠬᠢᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠵᠣᠯᠭᠠᠭᠤᠯᠬᠤ ᠵᠥᠪᠳᠡᠯᠴᠡᠭᠡ ᠪᠠ ᠶᠠᠳᠠᠭᠤ ᠶᠢ ᠲᠡᠳᠬᠦᠬᠦ  ᠤᠶᠢᠯᠡᠳᠭᠦᠨ ᠤ ᠦᠵᠡᠭᠦᠯᠭᠡ ᠶᠢ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠴᠧᠨ ᠸᠧᠢ ᠠᠵᠢᠯᠯᠠᠭ᠎ᠠ ᠳᠤ ᠣᠷᠣᠯᠴᠠᠪᠠ᠃
         ᠬᠤᠷᠠᠯ ᠤᠨ ᠵᠣᠷᠢᠯᠭ᠎ᠠ ᠨᠢ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠪᠣᠯᠤᠨ ᠰᠢᠶᠠᠨ ᠤ ᠳᠣᠲᠣᠷᠠᠬᠢ ᠡᠯ᠎ᠡ ᠠᠵᠤ ᠠᠬᠤᠶᠢᠯᠠᠯ ᠢ ᠳᠠᠶᠢᠴᠢᠯᠠᠨ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠦᠷᠨᠢᠭᠦᠯᠵᠠᠢ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠷᠭ᠎ᠠ ᠪᠠᠷᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃
         ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠰᠠᠭᠤᠷᠢᠯᠠᠨ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠪᠠᠷ ᠭᠠᠷᠳᠠᠬᠤ ᠴᠡᠭ ᠪᠣᠯᠭᠠᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠲᠠᠪᠴᠠᠩ  ᠢ ᠢᠳᠡᠪᠬᠢᠲᠡᠢ ᠪᠠᠶᠢᠭᠤᠯᠵᠤ᠂ ᠶᠠᠳᠠᠭᠤ ᠶᠢ ᠲᠡᠳᠬᠦᠬᠦ ᠦᠢᠯᠡᠳᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠬᠤ ᠶᠢ ᠠᠬᠢᠭᠤᠯᠤᠨ᠎ᠠ᠃
      ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠲᠦᠷᠦᠭᠦᠯᠡᠨ ᠣᠷᠣᠯᠴᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠩ  ᠲᠡᠷᠢᠭᠦᠨ ᠳᠤ ᠬᠤᠳᠠᠯᠳᠤᠨ ᠠᠪᠴᠤ᠂ ᠤᠷᠲᠤ ᠬᠤᠭᠤᠴᠠᠭ᠎ᠠ ᠪᠠᠷ ᠬᠠᠨᠳᠤᠯᠭ᠎ᠠ ᠲᠠᠢ ᠪᠠᠷ ᠬᠤᠳᠠᠯᠳᠤᠨ ᠠᠪᠬᠤ  ᠬᠠᠮᠳᠤᠷᠠᠯᠴᠠᠭᠠᠨ ᠤ ᠲᠣᠭᠲᠠᠴᠠ ᠶᠢ ᠪᠠᠶᠢᠭᠤᠯᠤᠨ᠎ᠠ᠃
           ᠣᠶᠢᠯᠠᠭᠠᠭᠰᠠᠨ ᠢᠶᠠᠷ᠂ ᠲᠤᠰ ᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ ᠳᠡᠭᠡᠷ᠎ᠡ᠂ ᠪᠠᠷᠠᠭ᠎ᠠ ᠬᠠᠩᠭᠠᠬᠤ ᠲᠠᠯ᠎ᠠ ᠨᠢ ᠴᠥᠮ ᠮᠠᠨ ᠤ ᠰᠢᠶᠠᠨ ᠤ 8 ᠰᠢᠶᠠᠩ ᠪᠠᠯᠭᠠᠰᠤᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠲᠤᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ 15 ᠲᠥᠷᠥᠯ ᠢ ᠬᠠᠩᠭᠠᠵᠠᠢ᠃ ᠡᠯᠳᠡᠪ ᠠᠮᠤ ᠡᠯᠳᠡᠪ ᠪᠤᠷᠴᠠᠭ᠂ ᠲᠥᠮᠥᠰᠥ᠂ ᠵᠢᠮᠢᠰ ᠨᠣᠭᠤᠭ᠎ᠠ᠂ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠪᠠ ᠮᠠᠯ ᠵᠢᠭᠦᠷᠲᠡᠨ ᠤ ᠠᠰᠢᠭ ᠰᠢᠮ᠎ᠡ ᠶᠢ ᠪᠠᠭᠲᠠᠭᠠᠨ᠎ᠠ᠃ ᠬᠤᠳᠠᠯᠳᠤᠨ ᠠᠪᠤᠭᠴᠢ ᠨᠢ ᠮᠠᠨ ᠤ ᠰᠢᠶᠠᠨ ᠤ ᠲᠣᠮᠣ ᠬᠡᠯᠪᠡᠷᠢ ᠶᠢᠨ ᠬᠡᠲᠦ ᠳᠡᠯᠭᠡᠭᠦᠷ᠂ ᠠᠵᠤ ᠠᠬᠤᠶᠢᠯᠠᠯ ᠵᠢᠴᠢ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ ᠶᠢᠨ ᠬᠤᠭᠤᠯᠠᠨ ᠭᠡᠷ  ᠵᠡᠷᠭᠡ ᠪᠣᠯᠤᠨ᠎ᠠ᠃ ᠲᠣᠰ ᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ ᠳᠡᠭᠡᠷ᠎ᠡ᠂ ᠬᠤᠳᠠᠯᠳᠤᠨ ᠠᠪᠬᠤ ᠭᠡᠵᠦ ᠪᠠᠶᠢᠭ᠎ᠠ ᠶᠠᠳᠠᠭᠤ ᠬᠦᠴᠢᠷᠳᠡᠯᠲᠡᠶ ᠡᠷᠦᠬᠡ ᠶᠢᠨ ᠠᠮᠤ ᠪᠤᠳᠠᠭ᠎ᠠ 2.9 ᠲᠦᠮᠡᠨ ᠲᠣᠨ᠂ ᠵᠢᠮᠢᠰ ᠢᠳᠡᠰᠢᠨ  ᠨᠤᠭᠤᠭ᠎ᠠ 100 ᠲᠣᠨ᠂ ᠲᠥᠮᠥᠰᠥ 2 ᠲᠦᠮᠡᠨ ᠲᠣᠨ᠂ ᠮᠠᠯ ᠵᠢᠭᠦᠷᠲᠡᠨ ᠤ ᠪᠦᠲᠦᠭᠡᠭᠳᠡᠬᠦᠨ 5 ᠲᠦᠮᠡᠨ ᠲᠣᠯᠣᠭᠠᠶ ︵ ᠲᠤᠭ᠎ᠠ ᠲᠤᠯᠤᠭᠠᠢ︶ ᠶᠢ ᠬᠤᠳᠠᠯᠳᠤᠨ ᠠᠪᠬᠤ ᠲᠤᠬᠠᠶ  ᠵᠦᠪᠳᠡᠯᠴᠡᠭᠰᠡᠨ ᠪᠠᠶᠢᠨ᠎ᠠ᠃        ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ᠂ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠳᠠᠨ ᠵᠣᠯᠭᠠᠭᠤᠯᠬᠤ ᠬᠤᠷᠠᠯ ᠳᠤ ᠣᠷᠣᠯᠴᠠᠪᠠ᠃                         ᠰᠤᠷᠪᠤᠯᠵᠢᠯᠠᠭᠴᠢ᠄ ᠸᠠᠩ ᠪᠢᠨ    ᠸᠠᠩ ᠭᠦᠸᠧ ᠵᠢᠶᠦ᠋ᠨ                         ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                         ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2