ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠦᠷ᠎ᠡ ᠪᠦᠲᠦᠭᠡᠯ ᠢ ᠬᠢᠨᠠᠨ ᠪᠠᠶᠢᠴᠠᠭᠠᠬᠤ ᠬᠤᠷᠠᠯ ᠮᠠᠨ ᠤ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2020/9/22
   9 ᠰᠠᠷ᠎ᠠ ᠶᠢᠨ 21 ᠤ ᠡᠳᠦᠷ᠂ ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠦᠷ᠎ᠡ ᠪᠦᠲᠦᠭᠡᠯ ᠢ ᠬᠢᠨᠠᠨ ᠪᠠᠶᠢᠴᠠᠭᠠᠬᠤ ᠬᠤᠷᠠᠯ ᠮᠠᠨ ᠤ ᠰᠢᠶᠠᠨ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ ᠬᠤᠷᠠᠯ  ᠡᠷᠬᠢᠯᠡᠵᠦ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠯᠢᠦ ᠹᠦ᠋ ᠴᠢᠤᠸᠠᠨ᠂ ᠬᠤᠲᠠ ᠶᠢᠨ ᠤᠰᠤᠨ ᠤ  ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠧᠨ ᠬᠠᠢ᠂ ᠮᠠᠨ ᠤ ᠰᠢᠶᠠᠨ ᠤ  ᠤᠳᠤᠷᠢᠳᠤᠯᠭ᠎ᠠ ᠢᠦᠢ ᠳ᠋ᠠᠶ ᠴᠢᠩ᠂ ᠮᠠ ᠶᠦᠩ ᠽᠠᠢ᠂ ᠵᠢᠶᠠ ᠰᠢᠶᠣᠤ ᠫᠢᠩ ᠬᠤᠷᠠᠯ ᠳᠤ ᠣᠷᠣᠯᠴᠠᠪᠠ᠃
        ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠠᠴᠠ ᠪᠠᠴᠢᠮ ᠪᠠᠶᠢᠳᠠᠯ ᠢ ᠠᠷᠭᠠᠴᠠᠭᠠᠬᠤ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢᠨ ᠲᠤᠬᠠᠶ ᠣᠷᠣᠨ ᠲᠣᠭᠠᠨ ᠤ ᠨᠢᠭᠡᠴᠡ ᠶᠢᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠪᠣᠯᠤᠨ ᠰᠠᠭᠤᠷᠢ  ᠮᠠᠲ᠋ᠧᠷᠢᠶᠠᠯ ᠢ ᠨᠠᠷᠢᠨ ᠨᠢᠮᠪᠠᠶ ᠬᠢᠨᠠᠨ ᠦᠵᠡᠵᠡᠶ᠃ ᠲᠥᠷᠥᠯ  ᠵᠤᠶᠢᠯ ᠤᠨ ᠰᠢᠪᠠᠷ ᠭᠠᠳᠠᠭᠰᠢᠯᠠᠭᠤᠯᠬᠤ ᠲᠠᠯᠠᠪᠠᠶ ᠶᠢᠨ  ᠰᠢᠢᠳᠪᠤᠷᠢᠯᠡᠬᠦ ᠴᠢᠳᠠᠪᠤᠷᠢ ᠲᠡᠮᠦᠷᠯᠢᠭ  ᠬᠤᠭᠤᠯᠠᠢ ᠶᠢᠨ ᠬᠠᠮᠠᠭᠠᠯᠠᠯᠲᠠ᠂ ᠤᠰᠤ ᠣᠷᠣᠭᠤᠯᠬᠤ ᠠᠮᠠᠰᠠᠷ ᠤᠨ ᠬᠥᠯᠳᠡᠬᠦ ᠶᠢ ᠰᠢᠢᠳᠪᠤᠷᠢᠯᠡᠬᠦ ᠵᠡᠷᠭᠡ ᠬᠤᠯᠪᠣᠭᠳᠠᠯ ᠪᠦᠬᠦᠢ ᠰᠢᠨᠵᠢᠯᠡᠬᠦ ᠤᠬᠠᠭᠠᠨᠴᠢ ᠴᠢᠨᠠᠷ᠂ ᠠᠶᠤᠯᠭᠦᠶ ᠴᠢᠨᠠᠷ᠂ ᠠᠵᠤ ᠠᠬᠤᠶ ᠶᠢᠨ ᠴᠢᠨᠠᠷᠲᠠᠶ ᠠᠭᠤᠯᠭ᠎ᠠ ᠶᠢᠨ ᠲᠤᠬᠠᠶ ᠪᠦᠬᠦ ᠲᠠᠯ᠎ᠠ ᠶᠢᠨ ᠠᠰᠠᠭᠤᠨ ᠯᠠᠪᠯᠠᠬᠤ ᠠᠵᠢᠯ ᠬᠢᠵᠡᠶ᠃ ᠲᠥᠷᠥᠯ  ᠵᠤᠶᠢᠯ ᠤᠨ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠬᠦ ᠲᠤᠬᠠᠶ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ᠃ ᠬᠤᠷᠠᠯ ᠠᠴᠠ ︽ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠬᠢᠨᠠᠨ ᠪᠠᠶᠢᠴᠠᠭᠠᠭᠰᠠᠨ ᠰᠠᠨᠠᠯ︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ  ᠪᠣᠯ ᠨᠢᠭᠡ ᠵᠦᠢᠯ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠪᠣᠯᠤᠨ᠎ᠠ᠃ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠬᠠᠳᠤᠨ ᠭᠤᠤᠯ ᠤᠨ ᠭᠤᠤᠯ ᠤᠷᠤᠰᠬᠠᠯ ᠠᠴᠠ ᠤᠰᠤ ᠠᠪᠴᠤ ᠳᠠᠭ᠎ᠠ ᠶᠢᠨ ᠨᠠᠭᠤᠷ ᠲᠤ ᠤᠰᠤ ᠨᠥᠬᠦᠪᠥᠷᠢᠯᠡᠵᠦ᠂ ᠨᠠᠭᠤᠷ ᠤᠨ ᠤᠰᠤᠨ ᠣᠷᠣᠨ ᠳᠤ ᠠᠪᠴᠢᠬᠤ ᠶᠢ ᠬᠤᠷᠢᠭᠯᠠᠨ᠎ᠠ᠃ ᠨᠠᠭᠤᠷ ᠴᠥᠭᠦᠷᠥᠮ ᠤᠨ ᠤᠰᠤᠨ ᠭᠠᠳᠠᠷᠭᠤ ᠶᠢ ᠰᠡᠷᠭᠦᠭᠡᠨ ᠬᠠᠮᠠᠭᠠᠯᠠᠵᠤ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠨᠢ ᠴᠢᠬᠤᠯᠠ  ᠤᠶᠢᠯᠡᠳᠤᠯ ᠲᠠᠢ ᠶᠤᠮ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠣᠯ ᠴᠢᠬᠤᠯᠠᠲᠠᠶ ᠶᠤᠮ᠃    ᠬᠤᠷᠠᠯ ᠠᠴᠠ ᠴᠢᠬᠤᠯᠠᠴᠢᠯᠠᠭᠰᠠᠨ ᠨᠢ᠂ ᠬᠠᠮᠢᠶ᠎ᠠ ᠪᠦᠬᠦᠢ ᠨᠢᠭᠡᠴᠡ ᠨᠢᠭᠲᠠ ᠬᠠᠮᠵᠢᠯᠴᠠᠵᠤ᠂ ᠲᠣᠰ ᠲᠣᠰ ᠤᠨ ᠬᠠᠷᠢᠭᠤᠴᠠᠯᠭ᠎ᠠ ᠪᠠᠨ  ᠭᠦᠢᠴᠡᠳᠭᠡᠬᠦ ᠬᠡᠷᠡᠭᠲᠡᠶ᠃ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠨᠠᠶᠢᠷᠠᠭᠤᠯᠤᠨ ᠵᠤᠬᠢᠶᠠᠭᠰᠠᠨ ᠨᠢᠭᠡᠴᠡ ᠨᠦᠭᠦᠳ ᠡᠯ᠎ᠡ ᠲᠤᠰᠬᠠᠶ ᠮᠡᠷᠭᠡᠵᠢᠯᠲᠡᠨ ᠪᠣᠯᠤᠨ ᠬᠤᠯᠪᠣᠭᠳᠠᠯ ᠪᠦᠬᠦᠢ ᠨᠢᠭᠡᠴᠡ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠢᠨᠵᠧᠨᠧᠷᠢᠩ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠲᠦᠷᠭᠡᠬᠡᠨ ᠵᠠᠰᠠᠵᠤ ᠲᠡᠭᠦᠯᠳᠡᠷᠵᠢᠭᠦᠯᠵᠦ᠂ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃     ᠣᠶᠢᠯᠠᠭᠠᠭᠰᠠᠨ ᠢᠶᠠᠷ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠂ ᠵᠢᠷᠤᠵᠤ ᠲᠥᠯᠥᠪᠯᠡᠭᠰᠡᠨ ᠬᠠᠮᠤᠭ ᠤᠨ ᠶᠡᠭᠡ ᠤᠰᠤ ᠲᠠᠲᠠᠬᠤ ᠬᠡᠪᠴᠢᠶ᠎ᠡ ᠨᠢ 4466 ᠲᠦᠮᠡᠨ m3/a᠂ ᠵᠢᠷᠤᠵᠤ  ᠲᠦᠯᠦᠪᠯᠡᠭᠰᠡᠨ ᠤᠰᠤ ᠠᠪᠬᠤ ᠬᠡᠮᠵᠢᠶ᠎ᠡ ᠨᠢ 3.02 m3/s ᠪᠣᠯᠤᠨ᠎ᠠ᠃ ︽ᠭᠤᠷᠪᠠᠳᠤᠭᠠᠷ ᠳᠡᠰ ᠤᠨ ᠳᠠᠷᠤᠯᠲᠠ ᠨᠡᠮᠡᠬᠦ + ᠬᠤᠶᠠᠷ ᠳᠡᠰ ᠤᠨ ᠬᠦᠨᠳᠦ ᠶᠢᠨ ᠬᠦᠴᠦ︾ ᠶᠢᠨ ᠤᠰᠤ ᠳᠠᠮᠵᠢᠭᠤᠯᠬᠤ ᠲᠥᠰᠦᠯ ᠢ ᠬᠡᠷᠡᠭᠯᠡᠪᠡᠯ᠂ ᠤᠰᠤ ᠳᠠᠮᠵᠢᠭᠤᠯᠬᠤ ᠶᠡᠷᠦᠩᠬᠡᠶ ᠵᠠᠶ ᠨᠢ 134.17 ᠺᠢᠯᠣᠮᠧᠲᠷ ᠪᠣᠯᠤᠨ᠎ᠠ᠃ ᠪᠠᠷᠢᠯᠭ᠎ᠠ ᠶᠢᠨ ᠠᠩᠬ᠎ᠠ ᠪᠠᠷᠢᠯᠭ᠎ᠠ ᠶᠢᠨ ᠠᠵᠢᠯ ᠤᠨ ᠶᠡᠷᠦᠩᠬᠡᠶ ᠬᠤᠭᠤᠴᠠᠭ᠎ᠠ ᠨᠢ 18 ᠰᠠᠷ᠎ᠠ ᠪᠠᠶᠢᠵᠤ᠂  ᠪᠠᠷᠢᠯᠭ᠎ᠠ  ᠶᠢᠨ ᠪᠠᠷᠤᠭᠴᠠᠭᠠᠯᠠᠨ ᠪᠤᠳᠤᠭᠰᠠᠨ ᠪᠠᠯᠠ ᠣᠷᠣᠭᠤᠯᠤᠯᠲᠠ ᠨᠢ 27.66 ᠳ᠋ᠦᠩᠰᠢᠭᠤᠷ ᠲᠥᠭᠦᠷᠢᠭ ᠪᠣᠯᠤᠨ᠎ᠠ᠃ 2020 ᠣᠨ ᠤ 1 ᠰᠠᠷ᠎ᠠ ᠶᠢᠨ 20 ᠤ ᠡᠳᠦᠷ᠂ ᠬᠠᠲᠤᠨ ᠭᠤᠤᠯ ᠤᠨ ᠵᠥᠪᠯᠡᠯ ︽ᠳᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ ᠢᠨᠵᠧᠨᠧᠷᠢᠩ ᠤᠨ ᠮᠡᠷᠭᠡᠵᠢᠯ ᠤᠨ ᠲᠥᠰᠦᠯ︾ ᠢ ᠵᠢᠩᠬᠢᠨᠢ ᠪᠠᠷ ᠴᠤᠬᠤᠯᠠᠪᠤᠷᠢᠯᠠᠨ ᠬᠠᠷᠢᠭᠤᠯᠵᠤ᠂ 5 ᠰᠠᠷ᠎ᠠ ᠶᠢᠨ 16 ᠤ ᠡᠳᠦᠷ ᠠᠵᠢᠯ ᠢᠶᠠᠨ ᠡᠬᠢᠯᠡᠭᠦᠯᠪᠡ᠃     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠵᠢᠴᠢ ᠤᠯᠠᠭᠠᠨᠴᠠᠪ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠵᠥᠩ ᠱᠦᠶ ᠤᠮᠠᠷᠠᠲᠤ ᠣᠷᠣᠨ ᠤ ᠬᠠᠶᠢᠨ ᠬᠡᠮᠵᠢᠵᠦ ᠵᠢᠷᠤᠭᠯᠠᠨ ᠲᠥᠯᠥᠪᠯᠡᠬᠦ ᠰᠤᠳᠤᠯᠭᠠᠨ ᠤ ᠬᠢᠵᠠᠭᠠᠷᠲᠤ ᠺᠣᠮᠫᠠᠨᠢ᠂ ᠵᠥᠩ ᠱᠦᠶ ᠵᠡᠭᠦᠨ  ᠬᠤᠶᠢᠳᠤ ᠣᠷᠣᠨ ᠤ ᠬᠠᠶᠢᠨ ᠬᠡᠮᠵᠢᠵᠦ ᠵᠢᠷᠤᠭᠯᠠᠨ ᠲᠥᠯᠥᠪᠯᠡᠬᠦ ᠰᠤᠳᠤᠯᠭᠠᠨ ᠤ ᠬᠢᠵᠠᠭᠠᠷᠲᠤ ᠺᠣᠮᠫᠠᠨᠢ᠂  ᠡᠾᠧᠪᠸᠢ ᠮᠤᠵᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠵᠦ ᠵᠢᠷᠤᠭᠯᠠᠨ ᠲᠥᠯᠥᠪᠯᠡᠬᠦ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠬᠡᠮᠵᠢᠵᠦ ᠵᠢᠷᠤᠵᠤ ᠲᠥᠯᠥᠪᠯᠡᠬᠦ ᠬᠦᠷᠢᠶᠡᠯᠡᠩ᠂  ᠹᠧᠩ ᠮᠢᠶᠣᠣ ᠤᠰᠤᠨ ᠤ ᠶᠠᠪᠤᠳᠠᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠬᠠᠲᠤᠨ ᠭᠤᠤᠯ ᠤᠨ ᠬᠠᠶᠢᠨ ᠬᠡᠮᠵᠢᠬᠦ ᠵᠢᠷᠤᠭᠯᠠᠨ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠲᠤᠰᠬᠠᠶ ᠮᠡᠷᠭᠡᠵᠢᠯ ᠤᠨ ᠠᠵᠢᠯᠲᠠᠨ ᠬᠤᠷᠠᠯ ᠳᠤ ᠣᠷᠣᠯᠴᠠᠪᠠ᠃                                  ᠰᠤᠷᠪᠤᠯᠵᠢᠯᠠᠭᠴᠢ᠄ ᠵᠠᠩ ᠰᠢᠶᠣᠤ  ᠶᠢᠩ                                  ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                  ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2