ᠮᠠᠨ ᠤ ᠰᠢᠶᠠᠨ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠬᠡᠬᠡᠯᠳᠡ ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020/9/23
    9 ᠰᠠᠷ᠎ᠠ ᠶᠢᠨ 22 ᠤᠨ ᠡᠳᠦᠷ᠂ ᠮᠠᠨ ᠤ ᠰᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ  ᠳ᠋ᠠᠶᠢᠬ᠎ᠠ  ᠠᠭᠤᠳᠠᠮ ᠲᠠᠯᠠᠪᠠᠶ ᠳᠤ ᠶᠠᠪᠤᠭᠳᠠᠪᠠ᠃      ᠲᠣᠰ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠭᠤᠤᠯ ᠰᠡᠳᠦᠪ ᠪᠣᠯ ︽ᠲᠣᠮᠣ ᠤᠯᠤᠰ ᠨᠡᠷ᠎ᠡ ᠳᠤᠷᠠᠳᠴᠤ᠂ ᠴᠢ ᠪᠠᠶᠢᠬᠤ ᠥᠬᠡᠶ ᠪᠣᠯ ᠪᠣᠯᠬᠤ ᠦᠭᠡᠢ︾ ᠪᠣᠯᠤᠨ᠎ᠠ᠃ ᠠᠵᠢᠯᠯᠠᠭᠠᠨ ᠤ ᠠᠬᠤᠶ ᠲᠠᠯᠠᠪᠠᠶ ᠤᠬᠠᠭᠤᠯᠬᠤ ᠲᠡᠷᠭᠡ LED ᠳᠡᠯᠭᠡᠴᠡ ᠳᠤ ︽ᠳᠤᠮᠳᠠᠳᠤ ᠤᠯᠤᠰ ᠤᠨ ᠲᠤᠭ᠎ᠠ ᠪᠦᠷᠢᠳᠬᠡᠯ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢᠨ ᠤᠬᠠᠭᠤᠯᠭ᠎ᠠ ᠶᠢᠨ ᠸᠢᠳᠢᠣ᠋ ᠶᠢ ᠡᠭᠡᠯᠵᠢᠯᠡᠨ ᠨᠡᠪᠲᠡᠷᠡᠭᠦᠯᠵᠦ᠂ ᠨᠡᠶᠢᠳᠡᠮ ᠪᠠᠶᠢᠴᠠᠭᠠᠭᠴᠢ ᠨᠠᠷ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠮᠡᠳᠡᠯᠭᠡ ᠶᠢ ᠲᠠᠨᠢᠯᠴᠠᠭᠤᠯᠵᠠᠶ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠪᠠ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ  ᠪᠤᠯᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠠᠵᠢᠯ ᠢ ᠢᠳᠡᠪᠬᠢᠲᠡᠢ  ᠲᠡᠮᠵᠢᠨ ᠬᠠᠮᠵᠢᠯᠴᠠᠭᠤᠯᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠮᠡᠳᠡᠬᠦ ᠪᠦᠬᠦᠨ ᠢ ᠬᠠᠮᠤᠷᠬᠤ ᠶᠢ ᠦᠨᠡᠨᠬᠦ ᠪᠠᠲᠤᠯᠠᠵᠤ᠂  ᠵᠢᠩᠬᠢᠨᠢ ᠪᠠᠷ ᠡᠷᠦᠬᠡ ᠳᠤ ᠣᠷᠣᠵᠤ ᠳᠠᠩᠰᠠᠯᠠᠭᠤᠯᠬᠤ ᠳᠤ ᠰᠠᠶᠢᠨ ᠰᠠᠶᠢᠬᠠᠨ ᠰᠠᠭᠤᠷᠢ ᠲᠠᠯᠪᠢᠬᠤ ᠬᠡᠷᠡᠭᠲᠡᠶ᠃     ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ  ᠦᠶ᠎ᠡ ᠳᠤ ᠤᠷᠤᠭᠰᠠᠨ ᠨᠢᠭᠡᠨ ᠴᠢᠬᠤᠯᠠ ᠶᠡᠭᠡ ᠤᠯᠤᠰ ᠤᠨ  ᠪᠠᠶᠢᠳᠠᠯ ᠤᠯᠤᠰ  ᠤᠨ ᠬᠦᠴᠦᠨ ᠤ ᠪᠠᠶᠢᠴᠠᠭᠠᠯᠲᠠ ᠪᠣᠯᠤᠭᠰᠠᠨ ᠤ ᠬᠤᠪᠢ ᠳᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ 11 ᠰᠠᠷ᠎ᠠ ᠶᠢᠨ 1  ᠤ ᠡᠳᠦᠷ ᠤᠨ ᠲᠡᠭ ᠴᠠᠭ ᠲᠤ ᠵᠢᠩᠬᠢᠨᠢ ᠪᠠᠷ ᠡᠬᠢᠯᠡᠵᠦ᠂ ᠭᠤᠤᠯᠳᠠᠭᠤ ᠬᠥᠮᠦᠨ ᠠᠮᠠ ᠪᠣᠯᠤᠨ ᠰᠠᠭᠤᠭᠠᠯᠢ ᠡᠷᠦᠬᠡ  ᠶᠢᠨ ᠦᠨᠳᠦᠰᠦᠨ ᠪᠠᠶᠢᠳᠠᠯ ᠢ ᠪᠠᠶᠢᠴᠠᠭᠠᠨ᠎ᠠ᠃ ᠡᠭᠦᠨ ᠳᠤ ᠣᠪᠣᠭ ᠨᠡᠷ᠎ᠡ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂  ᠬᠦᠢᠰᠦ ᠶᠢᠨ ᠢᠯᠭᠠᠯ᠂ ᠨᠠᠰᠤ ᠵᠢᠯ᠂ ᠦᠨᠳᠦᠰᠦᠲᠡᠨ᠂ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ᠂ ᠠᠵᠢᠯ ᠲᠥᠷᠥᠯ᠂ ᠠᠵᠢᠯ ᠮᠡᠷᠭᠡᠵᠢᠯ᠂  ᠨᠡᠭᠦᠳᠡᠯᠳᠡ᠂ ᠤᠷᠤᠭᠯᠠᠬᠤ ᠂  ᠬᠡᠤᠬᠡᠳ ᠠᠪᠬᠤ᠂ ᠥᠭᠦᠬᠦ᠂ ᠣᠷᠣᠨ ᠰᠠᠭᠤᠴᠠ ᠵᠡᠷᠭᠡ ᠪᠠᠶᠢᠳᠠᠯ ᠪᠠᠭᠲᠠᠨ᠎ᠠ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃                                                                             ᠰᠤᠷᠪᠤᠯᠵᠢᠯᠠᠭᠴᠢ᠄ ᠸᠠᠩ ᠪᠢᠨ᠂ ᠯᠢ ᠰᠢᠶᠣᠤ ᠾᠦᠢ                                   ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                                   ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2