9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ | ᠳ᠋ᠦᠩ ᠪᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠠᠶ᠃ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠳᠤ ᠳᠠᠬᠢᠨ ᠳᠠᠶᠢᠴᠢᠯᠠᠯᠲᠠ ᠳᠠᠬᠢᠨ ᠪᠠᠶᠢᠷᠢᠯᠠᠭᠤᠯᠤᠯᠲᠠ ᠬᠢᠵᠦ᠂ ᠪᠦᠬᠦ | ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠪᠠᠨ | ᠤᠯᠠᠮ ᠨᠢᠭᠡ ᠠᠯᠬᠤᠮ ᠨᠢᠭᠡᠳᠬᠡᠨ᠂ ᠡᠭᠦᠷᠭᠡ ᠪᠠᠨ ᠲᠣᠳᠣᠷᠬᠠᠶᠢᠯᠠᠵᠤ᠂ ᠮᠠᠨ ᠤ ᠬᠤᠲᠠ ᠶᠢᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠣᠢ ᠪᠣᠯᠭᠠᠨ᠎ᠠ᠃ | | | | | ᠮᠠᠨ ᠤ ᠰᠢᠶᠠᠨ ᠤ ᠤᠳᠤᠷᠢᠳᠤᠯᠭ᠎ᠠ ᠸᠠᠩ ᠸᠧᠨ᠂ ᠢᠦᠢ ᠳ᠋ᠠᠢ ᠴᠢᠩ᠂ ᠮᠠ ᠶᠦᠩ ᠽᠠᠢ᠂ ᠶᠤᠸᠠᠨ ᠺᠤᠸᠠᠨ | ᠵᠡᠷᠭᠡ ᠰᠢᠶᠠᠨ ᠳᠠᠭᠠᠨ ᠤᠳᠤᠷᠢᠳᠤᠯᠭ᠎ᠠ ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠪᠠᠶ ᠬᠤᠤ ︽ᠤᠯᠠᠭᠠᠨᠴᠠᠪ ᠬᠤᠲᠠ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠰᠢᠯᠭᠠᠨ ᠲᠣᠭᠲᠠᠭᠠᠬᠤ ᠪᠠᠷᠢᠮᠵᠢᠶ᠎ᠠ ︵ | ᠲᠤᠷᠰᠢᠨ ᠬᠡᠷᠡᠭᠵᠢᠭᠦᠯᠬᠦ︶ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ ᠳᠤ ᠲᠠᠶᠢᠯᠤᠮᠵᠢ ᠬᠢᠭᠰᠡᠨ ᠪᠥᠭᠡᠳ | ᠲᠠᠷᠠᠭᠠᠴᠢ ᠶᠢᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠯᠪᠣᠭᠳᠠᠯ ᠪᠦᠬᠦᠢ | ᠬᠤᠰᠢᠭᠤ ᠲᠣᠭᠤᠷᠢᠭ ᠪᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠣᠪᠣᠷ ᠢᠶᠠᠨ ᠢᠯᠡᠳᠭᠡᠬᠦ ᠶᠠᠷᠢᠶ᠎ᠠ | ᠲᠠᠯᠪᠢᠪᠠ᠃ | ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠪᠣᠯᠤᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠡᠭᠦᠳᠦᠨ ᠪᠠᠶᠢᠭᠤᠯᠬᠤ ᠠᠵᠢᠯ ᠤᠨ ᠰᠠᠭᠤᠷᠢ ᠶᠢ ᠪᠠᠬᠢᠵᠢᠭᠦᠯᠬᠦ ᠶᠢᠨ ᠲᠣᠭᠤᠷᠢᠨ ᠳᠤ᠂ | ᠭᠤᠤᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠶᠠᠰᠤ ᠴᠢᠨᠠᠷ ᠢ ᠲᠡᠭᠡᠭᠰᠢᠯᠡᠭᠦᠯᠵᠦ᠂ ᠡᠭᠦᠳᠦᠨ | ᠪᠠᠶᠢᠭᠤᠯᠬᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠡᠭᠦᠳᠦᠨ ᠪᠠᠶᠢᠭᠤᠯᠬᠤ ᠬᠡᠯᠪᠡᠷᠢ ᠪᠠ | ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ᠠᠭᠤᠯᠭ᠎ᠠ ᠪᠣᠯᠤᠨ | ᠠᠴᠢᠶᠠᠯᠠᠪᠤᠷᠢ ᠶᠢ ᠪᠠᠶᠠᠯᠢᠭᠵᠢᠭᠤᠯᠵᠤ᠂ ᠡᠭᠦᠳᠦᠨ ᠪᠠᠶᠢᠭᠤᠯᠬᠤ ᠠᠵᠢᠯᠯᠠᠭ᠎ᠠ ᠶᠢ ᠦᠨᠳᠦᠰᠦᠲᠡᠨ ᠨᠦᠭᠦᠳ ᠤᠨ ᠣᠯᠠᠨ | ᠲᠦᠮᠡᠨ ᠤ ᠣᠶᠤᠨ ᠤᠬᠠᠭᠠᠨ ᠬᠦᠴᠦᠨ ᠴᠢᠳᠠᠯ ᠢ ᠨᠢᠭᠳᠠᠷᠠᠭᠤᠯᠬᠤ ᠶᠢᠨ ᠬᠤᠯᠪᠣᠭᠠᠰᠤ ᠪᠣᠯᠭᠠᠵᠤ᠂ ᠺᠠᠳ᠋ᠷ ᠣᠯᠠᠨ | ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠬᠥᠭᠦᠷᠭᠡ ᠪᠣᠯᠤᠭᠰᠠᠨ ᠪᠠᠶᠢᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠤᠭᠰᠤᠴᠠ ᠪᠠᠨ ᠦᠨᠡᠨᠬᠦ ᠳᠡᠭᠡᠭᠰᠢᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠠᠷᠠᠳ ᠲᠦᠮᠡᠨ ᠢᠶᠠᠷ ᠭᠤᠤᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠤᠶᠢᠯᠡᠳᠤᠯᠭᠡ ᠪᠣᠯᠭᠠᠵᠤ᠂ | ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ | ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠠᠢ᠃ ᠬᠥᠮᠦᠨ ᠤ ᠬᠦᠴᠦ᠂ ᠪᠣᠳᠠᠰ ᠤᠨ ᠬᠦᠴᠦ᠂ ᠡᠳ᠋ ᠤᠨ | ᠬᠦᠴᠦᠨ ᠢ ᠲᠥᠪᠯᠡᠷᠡᠭᠦᠯᠦᠨ᠂ ᠨᠠᠩ ᠶᠡᠭᠡ ᠡᠷᠴᠢᠮ᠂ ᠨᠠᠩ ᠬᠠᠲᠠᠭᠤ ᠰᠤᠷᠲᠠᠯ᠂ ᠨᠠᠩ ᠭᠦᠢᠴᠡᠳ ᠡᠷᠴᠢ | ᠵᠣᠷᠢᠭ ᠢᠶᠠᠷ ᠯᠠᠪᠳᠠᠭᠤᠨ ᠪᠠᠲᠤᠲᠠᠶ ᠠᠵᠢᠯᠯᠠᠵᠤ᠂ ᠡᠭᠦᠳᠦᠨ ᠪᠠᠶᠢᠭᠤᠯᠬᠤ ᠠᠵᠢᠯ ᠤᠨ ᠡᠮᠬᠢ ᠵᠢᠷᠤᠮ ᠲᠠᠢ ᠭᠦᠨᠵᠡᠭᠡᠶ | ᠥᠷᠨᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠤᠲᠠ ᠶᠢᠨ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ | ᠬᠠᠷᠠᠭᠠᠯᠵᠠᠬᠤ᠂ ᠭᠤᠤᠯᠳᠠᠯᠭ᠎ᠠ ᠶᠢ ᠳᠣᠪᠤᠶᠢᠯᠭᠠᠬᠤ᠂ ᠠᠷᠭ᠎ᠠ ᠬᠡᠮᠵᠢᠶ᠎ᠡ ᠶᠢ ᠰᠢᠨᠡᠴᠢᠯᠡᠬᠦ᠂ ᠵᠢᠱᠢᠶ᠎ᠡ ᠦᠵᠡᠭᠦᠯᠬᠦ | ᠬᠤᠲᠠ ᠶᠢᠨ ᠡᠯ᠎ᠡ ᠵᠤᠶᠢᠯ ᠤᠨ ᠡᠭᠦᠳᠦᠨ ᠪᠠᠶᠢᠭᠤᠯᠬᠤ ᠠᠵᠢᠯ ᠢ ᠯᠡᠪᠳᠠᠭᠤᠨ ᠪᠠᠲᠤᠲᠠᠶ ᠪᠥᠭᠡᠳ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ ᠨᠡᠶᠢᠲᠡᠯᠢᠭ ᠵᠢᠱᠢᠶ᠎ᠡ ᠶᠢ ᠨᠠᠷᠢᠨ ᠨᠢᠮᠪᠠᠶ ᠰᠣᠩᠭᠤᠨ᠂ ᠨᠡᠷᠡᠲᠦ | ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠵᠢᠱᠢᠶᠡᠴᠢ ᠳᠠᠭᠠᠭᠤᠯᠬᠤ ᠤᠶᠢᠯᠡᠳᠤᠯ ᠢ ᠪᠠᠳᠠᠷᠠᠭᠤᠯᠵᠤ᠂ | ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠨᠡᠶᠢᠲᠡ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠣᠨᠴᠠᠯᠢᠭᠲᠤ ᠳᠠᠪᠠᠭᠤᠯᠢᠭ ᠠᠵᠤ | ᠤᠶᠢᠯᠡᠰ ᠢ ᠬᠥᠭᠵᠢᠭᠦᠯᠵᠦ᠂ ᠨᠡᠶᠢᠭᠡᠮ ᠤᠨ ᠤᠶᠢᠯᠡᠰ ᠤᠨ ᠳᠤᠲᠠᠭᠤᠳᠠᠯ ᠢ ᠨᠥᠬᠦᠪᠥᠷᠢᠯᠡᠨ᠎ᠡ᠃ ᠦᠨᠳᠦᠰᠦᠲᠡᠨ ᠤ | ᠪᠦᠯᠬᠦᠮᠳᠡᠯ ᠢᠶᠠᠷ ᠬᠠᠮᠲᠤ ᠶᠢᠨ ᠳᠠᠪᠰᠢᠯᠲᠠ ᠶᠢ ᠠᠬᠢᠭᠤᠯᠵᠤ᠂ ᠬᠠᠮᠲᠤ ᠶᠢᠨ ᠳᠠᠪᠰᠢᠯᠲᠠ ᠪᠠᠷ ᠴᠡᠴᠡᠭᠯᠡᠨ ᠬᠥᠭᠵᠢᠬᠦ ᠶᠢ | ᠠᠬᠢᠭᠤᠯᠤᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠡᠭᠦᠳᠦᠨ ᠪᠠᠶᠢᠭᠤᠯᠬᠤ ᠬᠠᠮᠲᠤᠷᠠᠯ ᠬᠦᠴᠦᠨ ᠢ ᠨᠢᠭᠳᠠᠷᠠᠭᠤᠯᠵᠤ᠂ ᠴᠠᠭ ᠪᠢᠳᠡᠨ ᠢ ᠬᠦᠯᠢᠶᠡᠬᠦ | ᠦᠭᠡᠢ᠂ ᠵᠥᠪᠬᠡᠨ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ᠂ ᠵᠤᠷᠢᠭᠳᠠᠢ ᠪᠠᠷ ᠬᠠᠷᠢᠭᠤᠴᠠᠯᠭ᠎ᠠ | ᠡᠭᠦᠷᠭᠡᠯᠡᠬᠦ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠵᠣᠷᠢᠭ ᠰᠠᠨᠠᠭ᠎ᠠ ᠪᠠᠷ ᠡᠭᠦᠳᠦᠨ ᠪᠠᠶᠢᠭᠤᠯᠬᠤ ᠡᠯ᠎ᠡ ᠵᠦᠢᠯ ᠤᠨ | ᠠᠵᠢᠯ ᠤᠨ ᠡᠭᠦᠷᠭᠡ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ ᠂ ᠬᠤᠶᠠᠷ ᠵᠢᠯ ᠤᠨ | ᠬᠤᠭᠤᠴᠠᠭᠠᠨ ᠳᠤ ᠮᠠᠨ ᠤ ᠬᠤᠲᠠ ᠶᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠲᠠ ᠪᠣᠯᠭᠠᠬᠤ ᠪᠠᠷ ᠴᠢᠷᠮᠠᠶᠢᠨ᠎ᠠ ᠭᠡᠪᠡ᠃ | ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠬᠤᠷᠠᠯ ᠤᠨ ᠵᠣᠷᠢᠭ | ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠳᠠᠬᠢᠨ | ᠲᠣᠬᠢᠷᠠᠭᠤᠯᠤᠯᠲᠠ ᠬᠢᠵᠦ ᠳᠠᠬᠢᠨ ᠪᠠᠶᠢᠷᠢᠯᠠᠭᠤᠯᠪᠠ᠃ | ᠸᠠᠩ ᠸᠧᠨ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ | ᠪᠦᠬᠦᠢ ᠨᠢᠭᠡᠴᠡ ᠪᠦᠬᠦ ᠬᠤᠲᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ | ᠲᠣᠭᠤᠷᠢᠨ ᠳᠤ ︽ᠯᠢᠶᠠᠩᠴᠧᠩ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠲᠠᠢ ᠬᠠᠷᠢᠴᠠᠭᠤᠯᠵᠤ᠂ ᠠᠵᠢᠯ ᠤᠨ | ᠭᠤᠣᠯᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠡᠭᠦᠳᠦᠨ | ᠪᠠᠶᠢᠭᠤᠯᠬᠤ ᠪᠠᠷᠢᠮᠵᠢᠶ᠎ᠠ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠨᠡᠶᠢᠯᠡᠮᠡᠯ ᠬᠦᠴᠦᠨ ᠢᠶᠠᠨ ᠴᠢᠩᠭᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠣᠰ | ᠲᠣᠰ ᠤᠨ ᠡᠭᠦᠷᠭᠡᠯᠡᠭᠰᠡᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠠᠳᠬᠤᠵᠤ ᠪᠣᠳᠠᠲᠠᠶ ᠠᠳᠬᠤᠵᠤ᠂ ᠤᠯᠠᠭᠠᠨᠴᠠᠪ | ᠬᠤᠲᠠ ᠶᠢᠨ ᠲᠣᠭᠲᠠᠭᠰᠠᠨ ᠬᠤᠭᠤᠴᠠᠭᠠᠨ ᠳᠠᠭᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ | | | ᠰᠤᠷᠪᠤᠯᠵᠢᠯᠠᠭᠴᠢ ᠄ ᠱᠠᠩ ᠶᠦᠨ ᠰᠢᠶᠠ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |