9 ᠰᠠᠷ᠎ᠠ ᠶᠢᠨ 22 ᠤᠨ ᠡᠳᠦᠷ᠂ ᠮᠠᠨ ᠤ ᠰᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ︽ᠳᠤᠮᠳᠠᠳᠤ | ᠤᠯᠤᠰ ᠤᠨ ᠲᠤᠭ᠎ᠠ ᠪᠦᠷᠢᠳᠬᠡᠯ ᠤᠨ ᠨᠡᠭᠡᠭᠡᠯᠲᠡ ᠶᠢᠨ ᠡᠳᠦᠷ︾ ᠵᠢᠴᠢ ᠳᠣᠯᠣᠳᠤᠭᠠᠷ ᠤᠳᠠᠭᠠᠨ ᠤ ᠪᠥᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠳ᠋ᠠᠶᠢᠬ᠎ᠠ | ᠠᠭᠤᠳᠠᠮ ᠲᠠᠯᠠᠪᠠᠶ ᠳᠤ ᠶᠠᠪᠤᠭᠳᠠᠪᠠ᠃ | | | | | ᠲᠣᠰ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ | ᠰᠠᠷ᠎ᠠ ᠶᠢᠨ ᠠᠵᠢᠯᠯᠠᠭ᠎ᠠ ᠶᠢᠨ ᠭᠤᠤᠯ ᠰᠡᠳᠦᠪ ᠪᠣᠯ ︽ᠲᠣᠮᠣ ᠤᠯᠤᠰ ᠨᠡᠷ᠎ᠡ ᠳᠤᠷᠠᠳᠴᠤ᠂ ᠴᠢ ᠪᠠᠶᠢᠬᠤ ᠥᠬᠡᠶ ᠪᠣᠯ ᠪᠣᠯᠬᠤ | ᠦᠭᠡᠢ︾ ᠪᠣᠯᠤᠨ᠎ᠠ᠃ ᠠᠵᠢᠯᠯᠠᠭᠠᠨ ᠤ ᠠᠬᠤᠶ ᠲᠠᠯᠠᠪᠠᠶ ᠤᠬᠠᠭᠤᠯᠬᠤ ᠲᠡᠷᠭᠡ LED ᠳᠡᠯᠭᠡᠴᠡ ᠳᠤ ︽ᠳᠤᠮᠳᠠᠳᠤ | ᠤᠯᠤᠰ ᠤᠨ ᠲᠤᠭ᠎ᠠ ᠪᠦᠷᠢᠳᠬᠡᠯ ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠶᠢᠨ ᠤᠬᠠᠭᠤᠯᠭ᠎ᠠ ᠶᠢᠨ ᠸᠢᠳᠢᠣ᠋ ᠶᠢ ᠡᠭᠡᠯᠵᠢᠯᠡᠨ | ᠨᠡᠪᠲᠡᠷᠡᠭᠦᠯᠵᠦ᠂ ᠨᠡᠶᠢᠳᠡᠮ ᠪᠠᠶᠢᠴᠠᠭᠠᠭᠴᠢ ᠨᠠᠷ ᠨᠠᠰᠢ ᠴᠠᠰᠢ ᠶᠠᠪᠤᠵᠤ ᠪᠠᠶᠢᠭ᠎ᠠ ᠰᠠᠭᠤᠭᠠᠯᠢ ᠠᠷᠠᠳ ᠲᠤ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠦᠬᠦᠢ ᠮᠡᠳᠡᠯᠭᠡ ᠶᠢ ᠲᠠᠨᠢᠯᠴᠠᠭᠤᠯᠵᠠᠶ᠃ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠪᠠ ᠠᠴᠢ ᠬᠤᠯᠪᠣᠭᠳᠠᠯ ᠢ ᠶᠡᠬᠡᠪᠡᠷ ᠤᠬᠠᠭᠤᠯᠵᠤ᠂ ᠭᠦᠨ ᠵᠤᠵᠠᠭᠠᠨ | ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠤᠯᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠨᠡᠶᠢᠳᠡᠮ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠲᠡᠮᠵᠢᠨ ᠬᠠᠮᠵᠢᠯᠴᠠᠭᠤᠯᠵᠤ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠮᠡᠳᠡᠬᠦ ᠪᠦᠬᠦᠨ ᠢ ᠬᠠᠮᠤᠷᠬᠤ ᠶᠢ ᠦᠨᠡᠨᠬᠦ ᠪᠠᠲᠤᠯᠠᠵᠤ᠂ ᠵᠢᠩᠬᠢᠨᠢ ᠪᠠᠷ ᠡᠷᠦᠬᠡ ᠳᠤ ᠣᠷᠣᠵᠤ | ᠳᠠᠩᠰᠠᠯᠠᠭᠤᠯᠬᠤ ᠳᠤ ᠰᠠᠶᠢᠨ ᠰᠠᠶᠢᠬᠠᠨ ᠰᠠᠭᠤᠷᠢ ᠲᠠᠯᠪᠢᠬᠤ ᠬᠡᠷᠡᠭᠲᠡᠶ᠃ | | | | | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠨ ᠨᠢᠭᠡᠨ | ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠭᠰᠠᠨ ᠤ ᠬᠤᠪᠢ ᠳᠤ᠂ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ 11 ᠰᠠᠷ᠎ᠠ ᠶᠢᠨ 1 ᠤ ᠡᠳᠦᠷ ᠤᠨ ᠲᠡᠭ | ᠴᠠᠭ ᠲᠤ ᠵᠢᠩᠬᠢᠨᠢ ᠪᠠᠷ ᠡᠬᠢᠯᠡᠵᠦ᠂ ᠭᠤᠤᠯᠳᠠᠭᠤ ᠬᠥᠮᠦᠨ ᠠᠮᠠ ᠪᠣᠯᠤᠨ ᠰᠠᠭᠤᠭᠠᠯᠢ ᠡᠷᠦᠬᠡ ᠶᠢᠨ ᠦᠨᠳᠦᠰᠦᠨ ᠪᠠᠶᠢᠳᠠᠯ ᠢ | ᠪᠠᠶᠢᠴᠠᠭᠠᠨ᠎ᠠ᠃ ᠡᠭᠦᠨ ᠳᠤ ᠣᠪᠣᠭ ᠨᠡᠷ᠎ᠡ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂ ᠬᠦᠢᠰᠦ ᠶᠢᠨ ᠢᠯᠭᠠᠯ᠂ | ᠨᠠᠰᠤ ᠵᠢᠯ᠂ ᠦᠨᠳᠦᠰᠦᠲᠡᠨ᠂ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ᠂ ᠠᠵᠢᠯ ᠲᠥᠷᠥᠯ᠂ ᠠᠵᠢᠯ ᠮᠡᠷᠭᠡᠵᠢᠯ᠂ | ᠨᠡᠭᠦᠳᠡᠯᠳᠡ᠂ ᠤᠷᠤᠭᠯᠠᠬᠤ᠂ ᠬᠡᠤᠬᠡᠳ ᠠᠪᠬᠤ᠂ ᠥᠭᠦᠬᠦ᠂ ᠣᠷᠣᠨ ᠰᠠᠭᠤᠴᠠ ᠵᠡᠷᠭᠡ ᠪᠠᠶᠢᠳᠠᠯ ᠪᠠᠭᠲᠠᠨ᠎ᠠ᠃ | | | | | | ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ | | ᠰᠤᠷᠪᠤᠯᠵᠢᠯᠠᠭᠴᠢ᠄ ᠸᠠᠩ ᠪᠢᠨ᠂ ᠯᠢ ᠰᠢᠶᠣᠤ ᠾᠦᠢ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |