9 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠹᠸᠢ ᠳ᠋ᠦᠩ | ᠪᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠠᠶ᠃ ᠪᠦᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ | ᠳᠠᠬᠢᠨ ᠳᠠᠶᠢᠴᠢᠯᠠᠯᠲᠠ ᠳᠠᠬᠢᠨ ᠪᠠᠶᠢᠷᠢᠯᠠᠭᠤᠯᠤᠯᠲᠠ ᠬᠢᠵᠦ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠢ ᠬᠥᠲᠥᠯᠥᠨ ᠵᠢᠯᠣᠭᠤᠳᠴᠤ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠡᠭᠦᠷᠭᠡ ᠪᠠᠨ | ᠲᠣᠳᠣᠷᠬᠠᠶᠢᠯᠠᠵᠤ᠂ ᠮᠠᠨ ᠤ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ | ᠲᠠᠰᠤᠷᠠᠯᠲᠠ ᠦᠭᠡᠢ ᠪᠣᠢ ᠪᠣᠯᠭᠠᠨ᠎ᠠ᠃ | ᠮᠠᠨ ᠤ ᠰᠢᠶᠠᠨ ᠤ ᠤᠳᠤᠷᠢᠳᠤᠯᠭ᠎ᠠ ᠸᠠᠩ ᠸᠧᠨ᠂ ᠢᠦᠢ ᠳ᠋ᠠᠢ ᠴᠢᠩ᠂ ᠮᠠ ᠶᠦᠩ ᠽᠠᠢ᠂ ᠶᠤᠸᠠᠨ ᠺᠤᠸᠠᠨ ᠵᠡᠷᠭᠡ | ᠰᠢᠶᠠᠨ ᠳᠠᠭᠠᠨ ᠤᠳᠤᠷᠢᠳᠤᠯᠭ᠎ᠠ ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠣᠷᠣᠯᠴᠠᠪᠠ᠃ | | | | | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠪᠠᠶ ᠬᠤᠤ ︽ᠤᠯᠠᠭᠠᠨᠴᠠᠪ ᠬᠤᠲᠠ ᠶᠢᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠰᠢᠯᠭᠠᠨ ᠲᠣᠭᠲᠠᠭᠠᠬᠤ ᠪᠠᠷᠢᠮᠵᠢᠶ᠎ᠠ ︵ᠲᠤᠷᠰᠢᠨ | ᠬᠡᠷᠡᠭᠵᠢᠭᠦᠯᠬᠦ︶ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ ᠳᠤ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ | ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠯᠪᠣᠭᠳᠠᠯ ᠪᠦᠬᠦᠢ ᠬᠤᠰᠢᠭᠤ ᠲᠣᠭᠤᠷᠢᠭ ᠪᠠ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠣᠪᠣᠷ ᠢᠶᠠᠨ ᠢᠯᠡᠳᠭᠡᠬᠦ ᠶᠠᠷᠢᠶ᠎ᠠ ᠲᠠᠯᠪᠢᠪᠠ᠃ | | | | | ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ | ᠡᠭᠦᠳᠦᠨ ᠪᠠᠶᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠡᠭᠦᠳᠦᠨ ᠪᠠᠶᠢᠭᠤᠯᠬᠤ ᠠᠵᠢᠯ ᠤᠨ ᠰᠠᠭᠤᠷᠢ ᠶᠢ ᠪᠠᠬᠢᠵᠢᠭᠦᠯᠬᠦ ᠶᠢᠨ ᠲᠣᠭᠤᠷᠢᠨ ᠳᠤ᠂ ᠭᠤᠤᠯᠳᠠᠯᠭ᠎ᠠ ᠶᠢ | ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠶᠠᠰᠤ ᠴᠢᠨᠠᠷ ᠢ ᠲᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠬᠦᠷᠢᠶ᠎ᠡ | ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠡᠭᠦᠳᠦᠨ ᠪᠠᠶᠢᠭᠤᠯᠬᠤ ᠬᠡᠯᠪᠡᠷᠢ ᠪᠠ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠡᠭᠦᠳᠦᠨ ᠪᠠᠶᠢᠭᠤᠯᠬᠤ ᠠᠵᠢᠯᠯᠠᠭ᠎ᠠ ᠶᠢᠨ ᠠᠭᠤᠯᠭ᠎ᠠ ᠪᠣᠯᠤᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠡᠭᠦᠳᠦᠨ | ᠪᠠᠶᠢᠭᠤᠯᠬᠤ ᠠᠵᠢᠯᠯᠠᠭ᠎ᠠ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤᠬᠠᠭᠠᠨ ᠬᠦᠴᠦᠨ ᠴᠢᠳᠠᠯ ᠢ | ᠨᠢᠭᠳᠠᠷᠠᠭᠤᠯᠬᠤ ᠶᠢᠨ ᠬᠤᠯᠪᠣᠭᠠᠰᠤ ᠪᠣᠯᠭᠠᠵᠤ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ ᠬᠥᠭᠦᠷᠭᠡ | ᠪᠣᠯᠤᠭᠰᠠᠨ ᠪᠠᠶᠢᠨ᠎ᠠ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠤᠭᠰᠤᠴᠠ ᠪᠠᠨ ᠦᠨᠡᠨᠬᠦ ᠳᠡᠭᠡᠭᠰᠢᠯᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠶᠢ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠤᠶᠢᠯᠡᠳᠤᠯᠭᠡ ᠪᠣᠯᠭᠠᠵᠤ᠂ ᠡᠭᠦᠳᠦᠨ ᠪᠠᠶᠢᠭᠤᠯᠬᠤ ᠠᠵᠢᠯ ᠢ | ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ | ᠴᠢᠩᠭᠠᠳᠬᠠᠵᠠᠢ᠃ ᠬᠥᠮᠦᠨ ᠤ ᠬᠦᠴᠦ᠂ ᠪᠣᠳᠠᠰ ᠤᠨ ᠬᠦᠴᠦ᠂ ᠡᠳ᠋ ᠤᠨ ᠬᠦᠴᠦᠨ ᠢ ᠲᠥᠪᠯᠡᠷᠡᠭᠦᠯᠦᠨ᠂ ᠨᠠᠩ ᠶᠡᠭᠡ | ᠡᠷᠴᠢᠮ᠂ ᠨᠠᠩ ᠬᠠᠲᠠᠭᠤ ᠰᠤᠷᠲᠠᠯ᠂ ᠨᠠᠩ ᠭᠦᠢᠴᠡᠳ ᠡᠷᠴᠢ ᠵᠣᠷᠢᠭ ᠢᠶᠠᠷ ᠯᠠᠪᠳᠠᠭᠤᠨ ᠪᠠᠲᠤᠲᠠᠶ ᠠᠵᠢᠯᠯᠠᠵᠤ᠂ ᠡᠭᠦᠳᠦᠨ | ᠪᠠᠶᠢᠭᠤᠯᠬᠤ ᠠᠵᠢᠯ ᠤᠨ ᠡᠮᠬᠢ ᠵᠢᠷᠤᠮ ᠲᠠᠢ ᠭᠦᠨᠵᠡᠭᠡᠶ ᠥᠷᠨᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃ | | | | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ | ᠬᠠᠷᠠᠭᠠᠯᠵᠠᠬᠤ᠂ ᠭᠤᠤᠯᠳᠠᠯᠭ᠎ᠠ ᠶᠢ ᠳᠣᠪᠤᠶᠢᠯᠭᠠᠬᠤ᠂ ᠠᠷᠭ᠎ᠠ ᠬᠡᠮᠵᠢᠶ᠎ᠡ ᠶᠢ ᠰᠢᠨᠡᠴᠢᠯᠡᠬᠦ᠂ ᠵᠢᠱᠢᠶ᠎ᠡ ᠦᠵᠡᠭᠦᠯᠬᠦ ᠬᠤᠲᠠ ᠶᠢᠨ | ᠡᠯ᠎ᠡ ᠵᠤᠶᠢᠯ ᠤᠨ ᠡᠭᠦᠳᠦᠨ ᠪᠠᠶᠢᠭᠤᠯᠬᠤ ᠠᠵᠢᠯ ᠢ ᠯᠡᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠤᠨ᠎ᠠ᠃ ᠨᠡᠶᠢᠲᠡᠯᠢᠭ ᠵᠢᠱᠢᠶ᠎ᠡ ᠶᠢ ᠨᠠᠷᠢᠨ ᠨᠢᠮᠪᠠᠶ ᠰᠣᠩᠭᠤᠨ᠂ ᠨᠡᠷᠡᠲᠦ ᠲᠡᠮᠳᠡᠭ ᠤᠨ ᠪᠠᠶᠢᠭᠤᠯᠤᠯᠲᠠ ᠶᠢ | ᠴᠢᠩᠭᠠᠳᠬᠠᠵᠤ᠂ ᠵᠢᠱᠢᠶᠡᠴᠢ ᠳᠠᠭᠠᠭᠤᠯᠬᠤ ᠤᠶᠢᠯᠡᠳᠤᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠦᠨᠳᠦᠰᠦᠲᠡᠨ ᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠬᠢᠷᠢ ᠲᠦᠪᠰᠢᠨ ᠣᠨᠴᠠᠯᠢᠭᠲᠤ ᠳᠠᠪᠠᠭᠤᠯᠢᠭ ᠠᠵᠤ ᠤᠶᠢᠯᠡᠰ ᠢ ᠬᠥᠭᠵᠢᠭᠦᠯᠵᠦ᠂ ᠨᠡᠶᠢᠭᠡᠮ ᠤᠨ | ᠤᠶᠢᠯᠡᠰ ᠤᠨ ᠳᠤᠲᠠᠭᠤᠳᠠᠯ ᠢ ᠨᠥᠬᠦᠪᠥᠷᠢᠯᠡᠨ᠎ᠡ᠃ ᠦᠨᠳᠦᠰᠦᠲᠡᠨ ᠤ ᠪᠦᠯᠬᠦᠮᠳᠡᠯ ᠢᠶᠠᠷ ᠬᠠᠮᠲᠤ ᠶᠢᠨ ᠳᠠᠪᠰᠢᠯᠲᠠ ᠶᠢ | ᠠᠬᠢᠭᠤᠯᠵᠤ᠂ ᠬᠠᠮᠲᠤ ᠶᠢᠨ ᠳᠠᠪᠰᠢᠯᠲᠠ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠳᠦᠨ | ᠪᠠᠶᠢᠭᠤᠯᠬᠤ ᠬᠠᠮᠲᠤᠷᠠᠯ ᠬᠦᠴᠦᠨ ᠢ ᠨᠢᠭᠳᠠᠷᠠᠭᠤᠯᠵᠤ᠂ ᠴᠠᠭ ᠪᠢᠳᠡᠨ ᠢ ᠬᠦᠯᠢᠶᠡᠬᠦ ᠦᠭᠡᠢ᠂ ᠵᠥᠪᠬᠡᠨ ᠥᠷᠯᠥᠭᠡ | ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠪᠡᠷᠬᠡᠰᠢᠶᠡᠯ ᠢ ᠢᠯᠠᠨ | ᠳᠠᠪᠠᠭ᠋ᠤ ᠵᠣᠷᠢᠭ ᠰᠠᠨᠠᠭ᠎ᠠ ᠪᠠᠷ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠦᠬᠦ ᠬᠦᠴᠦᠨ ᠢᠶᠠᠷ ᠢᠶᠠᠨ | ᠰᠠᠶᠢᠲᠤᠷ ᠪᠡᠶᠡᠯᠡᠭᠦᠯᠵᠦ ᠂ ᠬᠤᠶᠠᠷ ᠵᠢᠯ ᠤᠨ ᠬᠤᠭᠤᠴᠠᠭᠠᠨ ᠳᠤ ᠮᠠᠨ ᠤ ᠬᠤᠲᠠ ᠶᠢ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠪᠣᠯᠭᠠᠬᠤ ᠪᠠᠷ ᠴᠢᠷᠮᠠᠶᠢᠨ᠎ᠠ ᠭᠡᠪᠡ᠃ | ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠳᠠᠬᠢᠨ ᠲᠣᠬᠢᠷᠠᠭᠤᠯᠤᠯᠲᠠ | ᠬᠢᠵᠦ ᠳᠠᠬᠢᠨ ᠪᠠᠶᠢᠷᠢᠯᠠᠭᠤᠯᠪᠠ᠃ | ᠸᠠᠩ ᠸᠧᠨ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠨᠢᠭᠡᠴᠡ ᠪᠦᠬᠦ ᠬᠤᠲᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ ︽ᠯᠢᠶᠠᠩᠴᠧᠩ | ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢᠨ | ᠬᠡᠷᠡᠭᠵᠢᠭᠦᠯᠬᠦ ᠲᠥᠰᠦᠯ︾ ᠲᠠᠢ ᠬᠠᠷᠢᠴᠠᠭᠤᠯᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ | ᠵᠢᠷᠤᠮᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠡᠶᠢᠯᠡᠮᠡᠯ ᠬᠦᠴᠦᠨ ᠢᠶᠠᠨ ᠴᠢᠩᠭᠠᠷᠠᠭᠤᠯᠵᠤ᠂ ᠳᠤᠲᠠᠭᠤᠳᠠᠯ ᠢᠶᠠᠨ | ᠨᠥᠬᠦᠪᠥᠷᠢᠯᠡᠵᠦ᠂ ᠲᠣᠰ ᠲᠣᠰ ᠤᠨ ᠡᠭᠦᠷᠭᠡᠯᠡᠭᠰᠡᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠠᠳᠬᠤᠵᠤ ᠪᠣᠳᠠᠲᠠᠶ | ᠠᠳᠬᠤᠵᠤ᠂ ᠤᠯᠠᠭᠠᠨᠴᠠᠪ ᠬᠤᠲᠠ ᠶᠢᠨ ᠲᠣᠭᠲᠠᠭᠰᠠᠨ ᠬᠤᠭᠤᠴᠠᠭᠠᠨ ᠳᠠᠭᠠᠨ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ | | | ᠰᠤᠷᠪᠤᠯᠵᠢᠯᠠᠭᠴᠢ ᠄ ᠱᠠᠩ ᠶᠦᠨ ᠰᠢᠶᠠ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |