ᠵᠧᠩ ᠴᠢᠩ ᠭᠦᠸᠧ | ᠪᠢ ᠪᠣᠯ ᠼᠤᠤ ᠨᠢᠶᠠᠨ ᠮᠠᠨᠵᠤ ᠦᠨᠳᠦᠰᠦᠲᠡᠨ ᠤ ᠰᠢᠶᠠᠩ ᠤᠨ ᠠᠷᠪᠠ ᠶᠢᠰᠦᠳᠦᠭᠡᠷ ᠲᠣᠰᠬᠤᠨ ᠤ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠳᠠᠷᠤᠭ᠎ᠠ᠂ ᠲᠣᠰᠬᠤᠨ ᠳᠤ ᠰᠠᠭᠤᠭᠰᠠᠨ ᠠᠴᠠ ᠨᠠᠰᠢ᠂ ᠪᠢ | ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠥᠭᠦᠯᠡᠯᠲᠡ ᠶᠢ ᠭᠦᠨᠵᠡᠭᠡᠶ | ᠣᠶᠢᠯᠠᠭᠠᠵᠤ᠂ ᠭᠦᠨᠵᠡᠭᠡᠶ ᠰᠤᠷᠤᠯᠴᠠᠨ ᠦᠨᠡᠨ ᠬᠦ ᠬᠡᠷᠡᠭᠯᠡᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠶᠢᠨ ︽ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ︾ | ᠵᠢᠭᠠᠪᠤᠷᠢ ᠶᠢ ᠶᠠᠳᠠᠭᠤ ᠶᠢ ᠲᠡᠳᠬᠦᠬᠦ ᠠᠵᠢᠯ ᠤᠨ ᠪᠣᠳᠠᠲᠠᠢ ᠠᠵᠢᠯᠯᠠᠭ᠎ᠠ ᠳᠤᠮᠳᠠ ᠨᠠᠶᠢᠳᠠᠪᠤᠷᠢᠵᠢᠭᠤᠯᠵᠤ᠂ | ᠶᠠᠳᠠᠭᠤ ᠶᠢ ᠲᠡᠳᠬᠦᠬᠦ ᠡᠮᠦᠨ᠎ᠡ ᠹᠷᠣᠨᠲ ᠲᠤ ᠢᠮᠠᠭᠲᠠ ᠲᠡᠮᠡᠴᠡᠨ᠎ᠡ᠃ ᠦᠨᠳᠦᠰᠦᠨ ᠱᠠᠲᠤᠨ ᠳᠤ ᠪᠠᠭᠤᠵᠤ ᠪᠣᠳᠠᠲᠠᠶ | ᠠᠵᠢᠯ ᠬᠢᠵᠦ᠂ ᠲᠣᠰᠬᠤᠨ ᠤ ᠠᠷᠠᠳ ᠲᠠᠢ ᠬᠠᠮᠲᠤ ᠠᠮᠢᠳᠤᠷᠠᠵᠤ᠂ ᠠᠷᠠᠳ ᠤᠨ ᠪᠠᠶᠢᠳᠠᠯ ᠤᠨ ᠠᠩᠬᠠᠨ ᠤ | ᠮᠠᠲ᠋ᠧᠷᠢᠶᠠᠯ ᠢ ᠡᠵᠡᠮᠰᠢᠬᠦ ᠳᠤ᠂ ᠣᠯᠠᠨ ᠲᠦᠮᠡᠨ ᠬᠦᠴᠢᠷᠳᠡᠯ ᠲᠠᠢ ᠦᠶ᠎ᠡ ᠳᠤ᠂ ᠲᠡᠷᠡ ᠳᠠᠷᠤᠶ ᠳᠤᠨᠢ ᠲᠤᠬᠠᠶ ᠶᠢᠨ | ᠲᠠᠯᠠᠪᠠᠶ ᠳᠤ ᠬᠦᠷᠴᠦ ᠰᠢᠢᠳᠪᠤᠷᠢᠯᠡᠬᠦ ᠠᠷᠭ᠎ᠠ ᠪᠣᠳᠣᠯᠭ᠎ᠠ ᠠᠪᠴᠤ ᠡᠯ᠎ᠡ ᠵᠤᠶᠢᠯ ᠤᠨ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠠᠶ᠃ ᠣᠯᠠᠨ ᠲᠦᠮᠡᠨ ᠢ ᠰᠡᠳᠬᠢᠯ ᠳᠡᠭᠡᠨ ᠪᠤᠳᠤᠵᠤ᠂ ᠨᠡᠯᠢᠶᠡᠳ ᠰᠠᠶᠢᠨ | ᠪᠣᠳᠠᠲᠤ ᠦᠷ᠎ᠡ ᠪᠦᠲᠦᠮᠵᠢ ᠣᠯᠪᠠ᠃ | ᠨᠢᠭᠡ᠂ ᠠᠵᠤ ᠦᠢᠯᠡᠰ ᠤᠨ ᠬᠥᠭᠵᠢᠯᠲᠡ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠠᠷᠠᠳ ᠤᠨ | ᠰᠡᠳᠬᠢᠯ ᠳᠤ ᠨᠡᠶᠢᠴᠡᠪᠡ | | | | | ᠶᠠᠳᠠᠭᠤ ᠬᠦᠴᠢᠷᠳᠡᠯᠲᠡᠶ ᠡᠷᠦᠬᠡ ᠡᠸᠦ ᠢᠩ ᠬᠦᠶ ᠬᠦᠷᠢᠶᠡᠨ ᠳᠡᠭᠡᠨ᠂ ᠲᠡᠭᠦᠨ ᠤ ᠡᠬᠡᠨᠡᠷ ᠨᠢ | ᠬᠦᠷᠢᠶᠡᠨ ᠳᠣᠲᠣᠷ᠎ᠠ ᠰᠠᠶ᠋ᠢ ᠢᠰᠢᠭᠡᠯᠡᠵᠦ ᠪᠠᠶᠢᠭ᠎ᠠ ᠬᠤᠷᠠᠭ᠎ᠠ ᠪᠠ ᠬᠥᠬᠦᠵᠦ ᠪᠠᠶᠢᠭ᠎ᠠ ᠬᠤᠷᠠᠭ᠎ᠠ ᠶᠢ ᠬᠠᠷᠠᠭᠠᠯᠵᠠᠵᠤ | ᠂ ᠨᠢᠳᠦᠨ ᠡᠮᠦᠨᠡᠬᠢ 20 ᠭᠠᠷᠤᠶ ᠬᠤᠷᠠᠭ᠎ᠠ ᠶᠢ ᠬᠠᠷᠠᠵᠤ ᠪᠠᠶᠢᠯ᠎ᠠ᠃ ᠧᠤ ᠢᠩ ᠬᠦᠶ ᠶᠢᠨ ᠡᠬᠡᠨᠡᠷ ᠨᠢ | ᠢᠨᠢᠶᠡᠮᠰᠦᠭᠯᠡᠵᠦ᠂ ᠳᠣᠲᠣᠷ᠎ᠠ ᠪᠠᠨ ᠪᠠᠶᠠᠷᠯᠠᠵᠤ ᠪᠠᠶᠢᠯ᠎ᠠ᠃ ᠲᠡᠷᠡ ᠬᠡᠯᠡᠭᠰᠡᠨ ᠨᠢ᠂ ᠬᠦᠷᠢᠶᠡᠨ ᠳᠤ ᠵᠥᠪᠬᠡᠨ ᠴᠥᠭᠡᠨ | ᠲᠣᠭᠠᠨ ᠤ ᠬᠤᠨᠢ ᠪᠠᠶᠢᠵᠤ᠂ ᠣᠯᠠᠩᠬᠢ ᠨᠢ ᠰᠦᠷᠦᠭ ᠲᠤ ᠭᠠᠷᠴᠠᠢ ᠭᠡᠪᠡ᠃ ᠦᠩᠭᠡᠷᠡᠭᠰᠡᠨ ᠤ ᠡᠸᠤ ᠶᠢᠩ ᠬᠦᠶ | ᠬᠡᠳᠦ᠋ᠢᠪᠡᠷ ᠪᠠᠰᠠ ᠬᠤᠨᠢ ᠲᠡᠵᠢᠭᠡᠵᠦ ᠪᠠᠢᠭᠰᠠᠨ ᠪᠣᠯᠪᠠᠴᠤ᠂ ᠡᠷ᠎ᠡ ᠡᠮ᠎ᠡ ᠬᠤᠶᠠᠭᠤᠯᠠ ᠯᠠᠪᠳᠠᠭᠤᠨ ᠲᠣᠭᠲᠠᠭᠤᠨ | ᠱᠠᠯᠠᠮᠠᠭᠠᠢ ᠪᠣᠯᠪᠠᠴᠤ ᠪᠡᠯᠡ ᠮᠥᠩᠭᠦ ᠪᠠ ᠬᠤᠨᠢ ᠲᠡᠵᠢᠭᠡᠬᠦ ᠮᠡᠷᠭᠡᠵᠢᠯ ᠢᠶᠠᠷ ᠳᠤᠲᠠᠮᠠᠭ ᠪᠣᠯᠬᠤᠷ ᠵᠥᠪᠬᠡᠨ ᠬᠤᠨᠢ | ᠲᠡᠵᠢᠭᠡᠬᠦ ᠥᠴᠦᠬᠡᠨ ᠣᠷᠣᠯᠭ᠎ᠠ ᠳᠤ ᠲᠦᠰᠢᠭᠯᠡᠪᠡᠯ᠂ ᠬᠡᠪ ᠤᠨ ᠭᠡᠷ ᠪᠦᠯᠢ ᠶᠢᠨ ᠠᠮᠢᠳᠤᠷᠠᠯ ᠢᠶᠠᠨ ᠠᠷᠭᠠᠴᠠᠭᠠᠬᠤ ᠳᠤ | ᠬᠦᠴᠢᠷ ᠪᠣᠯᠤᠨ᠎ᠠ᠃ ᠶᠠᠳᠠᠭᠤ ᠬᠦᠴᠢᠷᠳᠡᠯᠲᠡᠶ ᠡᠷᠦᠬᠡ ᠶᠢᠨ ᠬᠦᠴᠢᠷ ᠵᠣᠪᠠᠯᠠᠩ ᠢ ᠴᠠᠭ ᠲᠤᠬᠠᠶ ᠳᠤᠨᠢ | ᠰᠢᠢᠳᠪᠤᠷᠢᠯᠡᠵᠦ ᠥᠭᠬᠦ ᠶᠢᠨ ᠲᠦᠯᠦᠭᠡ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠣᠯᠠᠨ ᠤᠳᠠᠭ᠎ᠠ ᠧᠤ | ᠶᠢᠩ ᠬᠦᠶ ᠶᠢᠨ ᠭᠡᠷ ᠲᠤ ᠬᠦᠷᠴᠦ ᠪᠡᠯᠡ ᠮᠥᠩᠭᠦ ᠪᠠ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠤᠷᠢᠯᠡᠬᠦ | ᠲᠤᠬᠠᠶ ᠵᠥᠪᠳᠡᠯᠴᠡᠵᠡᠶ᠃ ᠲᠡᠳᠡᠨ ᠢ ᠳᠠᠭᠠᠭᠤᠯᠤᠨ 40 ᠺᠢᠯᠣᠮᠧᠲᠷ ᠤᠨ ᠵᠠᠶᠢᠲᠠᠶ ᠰᠢᠶᠠᠨ ᠤ ᠬᠤᠲᠠ ᠳᠤ ᠶᠠᠳᠠᠭᠤ ᠶᠢ | ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢ ᠭᠦᠢᠴᠡᠳᠭᠡᠵᠠᠢ᠃ ᠲᠠᠷᠢᠶᠠᠯᠠᠩ ᠮᠠᠯ ᠠᠵᠤ ᠠᠬᠤᠶ ᠪᠣᠯᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶᠠᠨ ᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠭᠤᠯᠤᠯ ᠤᠨ ᠣᠷᠣᠨ | ᠲᠤᠭ᠎ᠠ ᠶᠢ ᠴᠢᠷᠮᠠᠶᠢᠨ ᠣᠯᠬᠤ ᠬᠡᠷᠡᠭᠲᠡᠶ᠃ ᠬᠡᠳᠦᠨ ᠵᠢᠯ ᠤᠨ ᠬᠥᠭᠵᠢᠯᠲᠡ ᠪᠠᠷ ᠳᠠᠮᠵᠢᠨ᠂ ᠬᠡᠪᠴᠢᠶ᠎ᠡ ᠨᠢ | ᠤᠯᠠᠮ ᠠᠴᠠ ᠤᠯᠠᠮ ᠶᠡᠭᠡ ᠪᠣᠯᠵᠤ᠂ ᠦᠷ᠎ᠡ ᠠᠰᠢᠭ ᠨᠢ ᠤᠯᠠᠮ ᠠᠴᠠ ᠤᠯᠠᠮ ᠰᠠᠶᠢᠨ ᠪᠣᠯᠵᠤ᠂ ᠡᠸᠤ ᠢᠩ ᠬᠦᠶ | ᠮᠠᠰᠢ ᠠᠮᠠᠷᠬᠠᠨ ᠢᠶᠠᠷ ᠶᠠᠳᠠᠭᠤ ᠠᠴᠠ ᠠᠩᠭᠢᠵᠢᠷᠠᠪᠠ᠃ ᠲᠡᠷᠡ ᠲᠠᠨᠢᠯᠴᠠᠭᠤᠯᠬᠤ ᠳᠠᠭᠠᠨ᠄ ︽ᠪᠢ ᠣᠳᠣ 300 | ᠬᠤᠨᠢ ᠲᠠᠢ᠃ ᠬᠡᠷᠪᠡ ᠰᠠᠶᠢᠨ ᠲᠡᠵᠢᠭᠡᠵᠦ᠂ ᠮᠥᠷᠳᠡᠨ ᠬᠠᠮᠢᠶᠠᠷᠴᠤ ᠴᠢᠳᠠᠪᠠᠯ᠂ ᠵᠢᠯ ᠳᠤ 100 ᠬᠤᠨᠢ ᠪᠠᠨ | ᠬᠤᠳᠠᠯᠳᠤᠵᠤ ᠪᠣᠯᠤᠨ᠎ᠠ᠂ ᠣᠳᠣ ᠶᠢᠨ ᠵᠠᠬ᠎ᠠ ᠳᠡᠯᠭᠡᠭᠦᠷ ᠤᠨ ᠪᠠᠶᠢᠳᠠᠯ ᠢ ᠦᠨᠳᠦᠰᠦᠯᠡᠵᠦ᠂ ᠨᠢᠭᠡ ᠵᠢᠩ ᠢᠶᠠᠷ 35 | ᠲᠥᠭᠦᠷᠢᠭ ᠬᠤᠳᠠᠯᠳᠤᠨ ᠭᠠᠷᠭᠠᠵᠤ ᠪᠣᠯᠤᠨ᠎ᠠ᠂ ᠨᠢᠭᠡ ᠵᠢᠯ ᠳᠤ ᠡᠨᠡ 100 ᠬᠤᠨᠢ ᠪᠠᠷ ᠪᠢ 10 ᠭᠠᠷᠤᠶ ᠲᠦᠮᠡᠨ | ᠲᠥᠭᠦᠷᠢᠭ ᠤᠨ ᠣᠷᠣᠯᠭ᠎ᠠ ᠲᠠᠢ᠃ ᠧᠤ ᠶᠢᠩ ᠬᠦᠶ ᠦᠭᠡ ᠬᠡᠯᠡᠬᠦ ᠳᠡᠭᠡᠨ ᠢᠲᠡᠭᠡᠯ ᠵᠣᠷᠢᠭ ᠲᠡᠭᠦᠯᠳᠡᠷ ᠪᠠᠶᠢᠯ᠎ᠠ᠃ | ᠴᠢᠷᠠᠶ ᠳᠡᠭᠡᠷ᠎ᠡ ᠨᠢ ᠪᠠᠰᠠ ᠢᠨᠢᠶᠡᠮᠰᠦᠭᠯᠡᠯ ᠪᠢᠯᠬᠠᠵᠤ ᠪᠠᠢᠨ᠎ᠠ᠂ ᠡᠭᠦᠨ ᠠᠴᠠ ᠦᠵᠡᠪᠡᠯ ᠠᠮᠢᠳᠤᠷᠠᠯ ᠡᠳᠦᠷ ᠠᠴᠠ | ᠡᠳᠦᠷ ᠰᠠᠶᠢᠵᠢᠷᠠᠵᠤ ᠪᠠᠶᠢᠨ᠎ᠠ ᠭᠡᠳᠡᠭ ᠢ ᠨᠢ ᠮᠡᠳᠡᠵᠦ ᠪᠤᠯᠤᠨ᠎ᠠ᠃ | ᠠᠷᠪᠠ ᠶᠢᠰᠦᠳᠦᠭᠡᠷ ᠲᠣᠰᠬᠤᠨ ᠳᠤ᠂ ᠧᠤ ᠶᠢᠩ ᠬᠦᠶ ᠰᠢᠭ ᠶᠠᠳᠠᠭᠤ ᠬᠦᠴᠢᠷᠳᠡᠯᠲᠡᠶ ᠡᠷᠦᠬᠡ ᠴᠥᠭᠡᠨ | ᠪᠤᠰᠤ᠃ ᠡᠬᠢᠨ ᠳᠡᠭᠡᠨ ᠵᠠᠷᠢᠮ ᠣᠯᠠᠨ ᠲᠦᠮᠡᠨ ᠤ ᠲᠤᠰ ᠪᠡᠶ᠎ᠡ ᠶᠢᠨ ᠬᠥᠭᠵᠢᠯᠲᠡ ᠶᠢᠨ ᠴᠢᠳᠠᠪᠤᠷᠢ ᠨᠢ ᠪᠠᠭᠤᠷᠠᠶ | ᠪᠠᠶᠢᠵᠤ᠂ ᠦᠵᠡᠯ ᠰᠠᠨᠠᠭ᠎ᠠ ᠦᠵᠡᠯᠲᠡ ᠨᠢ ᠬᠠᠭᠤᠴᠢᠷᠠᠵᠤ᠂ ᠤᠷᠤᠭᠰᠢᠯᠠᠨ ᠳᠠᠪᠰᠢᠬᠤ ᠤᠬᠠᠮᠰᠠᠷ ᠴᠢᠩᠭ᠎ᠠ ᠪᠢᠰᠢ᠂ | ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠨᠡᠯᠢᠶᠡᠳ ᠳᠣᠣᠷ᠎ᠠ᠂ ᠪᠠᠶᠠᠵᠢᠬᠤ ᠴᠢᠳᠠᠪᠤᠷᠢ ᠳᠤᠲᠠᠮᠠᠭ ᠪᠠ | ᠬᠥᠭᠵᠢᠯᠲᠡ ᠶᠢᠨ ᠠᠷᠭ᠎ᠠ ᠵᠠᠮ ᠨᠢ ︽ᠬᠦᠯᠢᠶᠡᠬᠦ᠂ ᠲᠦᠰᠢᠭᠯᠡᠬᠦ᠂ ᠠᠪᠬᠤ︾ ᠦᠵᠡᠯ ᠰᠠᠨᠠᠭ᠎ᠠ ᠨᠢ ᠨᠡᠯᠢᠶᠡᠳ ᠬᠦᠨᠳᠦ | ᠨᠣᠴᠢᠲᠠᠶ᠂ ᠠᠷᠪᠠ ᠶᠢᠰᠦᠳᠦᠭᠡᠷ ᠲᠣᠰᠬᠤᠨ ᠤ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠠᠩ ᠴᠤᠯᠭᠤᠶ᠂ | ᠬᠡᠪᠴᠢᠶ᠎ᠡ ᠨᠢ ᠪᠠᠭ᠎ᠠ᠂ ᠪᠦᠬᠦ ᠲᠣᠰᠬᠤᠨ ᠳᠤ ᠲᠣᠭᠲᠠᠭᠤᠨ ᠲᠤᠯᠭᠠᠭᠤᠷᠢ ᠠᠵᠤ ᠤᠶᠢᠯᠡᠰ ᠪᠠᠶᠢᠬᠤ ᠦᠭᠡᠶ ᠪᠥᠭᠡᠳ | ᠤᠯᠠᠮᠵᠢᠯᠠᠯᠲᠤ ᠲᠠᠷᠢᠵᠤ ᠲᠡᠵᠢᠭᠡᠬᠦ ᠤᠶᠢᠯᠡᠰ ᠪᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠪᠡᠶᠡᠯᠡᠭᠦᠯᠬᠦ ᠶᠢᠨ ᠲᠥᠯᠥᠭᠡ᠂ | ᠳᠣᠷᠣᠭᠰᠢ ᠲᠣᠰᠬᠤᠨ ᠤ ᠠᠵᠢᠯᠯᠠᠬᠤ ᠠᠩᠭᠢ ᠳᠤ ᠲᠣᠮᠢᠯᠠᠨ ᠰᠠᠭᠤᠯᠭᠠᠵᠤ᠂ ᠭᠡᠰᠢᠭᠦᠳ ᠲᠣᠰᠬᠤᠨ ᠳᠤᠭᠤᠶᠢᠯᠠᠩ | ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠶ᠃ 35 | ᠡᠷᠦᠬᠡ ᠶᠢᠨ 73 ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠪᠦᠯᠢ ᠶᠢᠨ ᠪᠠᠶᠢᠳᠠᠯ᠂ ᠶᠠᠳᠠᠭᠤᠷᠠᠭᠰᠠᠨ ᠰᠢᠯᠳᠠᠭᠠᠨ ᠢ | ᠲᠣᠳᠣᠷᠬᠠᠶ ᠣᠶᠢᠯᠠᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠣᠰ ᠪᠡᠶ᠎ᠡ ᠶᠢᠨ ᠣᠨᠴᠠᠯᠢᠭ ᠲᠤ ᠴᠢᠭᠯᠡᠭᠦᠯᠦᠨ᠂ | ︽ᠡᠷᠦᠬᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠡᠷᠦᠬᠡ ᠳᠤ ᠨᠢᠭᠡ ᠲᠥᠷᠥ ᠶᠢᠨ | ᠪᠤᠳᠤᠯᠭ᠎ᠠ ᠬᠡᠷᠡᠭᠵᠢᠭᠦᠯᠬᠦ︾ ᠠᠷᠭ᠎ᠠ ᠮᠠᠶ᠋ᠢᠭ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠲᠥᠰᠦᠯ ᠢ | ᠲᠣᠭᠲᠠᠭᠠᠵᠤ᠂ ᠡᠷᠦᠬᠡ ᠪᠦᠷᠢ ᠳᠤ 1 ᠠᠴᠠ 2 ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠢ | ᠲᠥᠯᠥᠪᠵᠢᠭᠦᠯᠦᠨ ᠥᠭᠴᠦ᠂ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠵᠤ᠂ | 2019 ᠣᠨ ᠤ ᠡᠴᠦᠰ ᠪᠤᠯᠳᠠᠯ᠎ᠠ᠂ ᠪᠥᠬᠦ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠪᠠ᠃ | ᠬᠤᠶᠠᠷ᠂ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠳᠠᠭᠠᠨ ᠲᠤᠰᠬᠤᠨ ᠤ ᠠᠷᠠᠳ ᠨᠢᠭᠡᠪᠦᠷᠢ ᠨᠠᠳᠠ ᠳᠤ | ᠬᠠᠯᠠᠭᠤᠨ ᠲᠤᠳᠤᠨᠦᠰᠤᠭ ᠰᠠᠨᠠᠭᠳᠠᠨ᠎ᠠ | | | | | ︽ ᠵᠠᠩ ᠠᠪᠠᠭ᠎ᠠ ᠡ᠂ ᠲᠠ ᠬᠤᠶᠠᠷ ᠣᠷᠴᠢᠮ ᠪᠡᠶ᠎ᠡ ᠴᠢᠨᠢ ᠶᠠᠭᠠᠬᠢᠵᠤ ᠪᠠᠶᠢᠨ᠎ᠠ ᠪᠤᠢ︖ ᠠᠮᠢᠳᠤᠷᠠᠯ | ᠳᠤᠮᠳᠠ ᠬᠦᠴᠢᠷ ᠪᠡᠷᠬᠡᠰᠢᠶᠡᠯ ᠲᠤᠯᠭᠠᠷᠠᠭᠰᠠᠨ ᠤᠤ︖ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠠᠩ ᠱᠦ | ᠬᠤᠸᠠᠨ ᠤ ᠭᠡᠷ ᠲᠤ ᠢᠷᠡᠵᠦ᠂ ᠡᠷ᠎ᠡ ᠡᠮ᠎ᠡ ᠬᠤᠶᠠᠭᠤᠯᠠ ᠶᠢᠨ ᠪᠡᠶ᠎ᠡ ᠮᠠᠬᠠᠪᠣᠳ ᠤᠨ ᠪᠠᠶᠢᠳᠠᠯ ᠢ ᠡᠷᠭᠢᠵᠦ ᠦᠵᠡᠪᠡ᠃ | | ᠨᠢᠭᠡᠨᠲᠡ 80 ᠨᠠᠰᠤᠯᠠᠵᠠᠶ᠂ ᠤᠴᠢᠷ ᠨᠢ ᠲᠠᠷᠢᠬᠢᠨ ᠤ ᠴᠢᠰᠤᠨ ᠰᠢᠭᠢᠳᠦᠭᠡᠰᠦ ᠬᠦᠨᠳᠦ ᠡᠪᠡᠳᠴᠢᠨ ᠳᠤ | ᠨᠡᠷᠪᠡᠭᠳᠡᠭᠡᠳ ᠠᠷᠪᠠᠨ ᠬᠡᠳᠦᠨ ᠵᠢᠯ ᠪᠤᠯᠤᠭᠰᠠᠨ ᠪᠤᠯᠬᠤᠷ ᠵᠢᠯ ᠳ᠋ᠡᠬᠡᠨᠬᠡᠪᠲᠡᠵᠦ ᠶᠠᠭᠤ ᠴᠦ ᠬᠢᠵᠦ ᠳᠡᠶᠢᠯᠬᠦ | ᠦᠭᠡᠢ ᠪᠠᠶᠢᠳᠠᠭ᠃ ᠭᠡᠷ ᠪᠦᠯᠢ ᠶᠢᠨ ᠠᠮᠢᠳᠤᠷᠠᠯ ᠨᠡᠯᠢᠶᠡᠳ ᠬᠦᠴᠢᠷᠲᠡᠶ᠃ ᠨᠠᠷᠢᠯᠢᠭ ᠣᠨᠣᠴᠠᠲᠠᠶ ᠪᠠᠷ ᠶᠠᠳᠠᠭᠤ ᠶᠢ | ᠲᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠲᠡᠳᠡᠨ ᠤ ᠬᠡᠷ ᠤᠨ ᠪᠠᠶᠢᠳᠠᠯ ᠢ ᠪᠦᠷᠢᠨ ᠭᠦᠢᠴᠡᠳ | ᠣᠶᠢᠯᠠᠭᠠᠭᠰᠠᠨ ᠤ ᠳᠠᠷᠠᠭ᠎ᠠ᠂ ᠲᠣᠰᠬᠤᠨ ᠳᠤ ᠰᠠᠭᠤᠭ᠎ᠠ ᠠᠩᠭᠢ ᠲᠡᠳᠡᠨ ᠤ ᠬᠡᠷ ᠪᠦᠯᠢ ᠶᠢ ᠭᠤᠤᠯᠳᠠᠯᠭ᠎ᠠ ᠲᠠᠢ | ᠬᠠᠪᠰᠤᠷᠤᠨ ᠲᠡᠳᠬᠦᠬᠦ ᠡᠲᠡᠭᠡᠳ ᠲᠤ ᠣᠷᠣᠭᠤᠯᠪᠠ᠃ ᠲᠣᠰᠬᠤᠨ ᠳᠤ ᠰᠠᠭᠤᠭ᠎ᠠ ᠠᠩᠭᠢ ᠶᠢᠨ ᠬᠥᠮᠦᠰ ᠡᠩ ᠤᠨ | ᠴᠠᠭ ᠲᠠᠭᠠᠨ ︽ᠰᠠᠳᠤᠨ ᠲᠥᠷᠥᠯ︾ ᠲᠠᠢ ᠠᠳᠠᠯᠢ ᠦᠷᠭᠦᠯᠵᠢ ᠰᠠᠨᠠᠭᠠᠴᠢᠯᠠᠭ᠎ᠠ ᠠᠴᠠ ᠪᠠᠨ ᠬᠦᠷᠴᠦ ᠡᠷᠭᠢᠵᠦ | ᠦᠵᠡᠳᠡᠭ᠃ ︽ᠲᠣᠰᠬᠤᠨ ᠳᠤ ᠰᠠᠭᠤᠬᠤ ᠠᠵᠢᠯ ᠲᠡᠶᠢᠮᠦ ᠶᠠᠭᠠᠷᠠᠤ᠂ ᠪᠠᠰᠠ ᠦᠷᠭᠦᠯᠵᠢ ᠢᠷᠡᠵᠦ ᠮᠠᠨ ᠤ ᠬᠤᠶᠠᠷ | ᠬᠥᠭᠰᠢᠨ ᠢᠶᠠᠨ ᠡᠷᠭᠢᠵᠦ ᠦᠵᠡᠨ᠎ᠡ᠃ ᠮᠠᠨ ᠤ ᠡᠷ᠎ᠡ ᠡᠮ᠎ᠡ ᠬᠤᠶᠠᠭᠤᠯᠠ ᠶᠠᠭ ᠥᠪᠡᠷ ᠤᠨ ᠰᠠᠳᠤᠨ ᠲᠥᠷᠥᠯ ᠲᠠᠢ ᠪᠠᠨ | ᠠᠳᠠᠯᠢ ᠪᠠᠷ᠂ ᠪᠢᠳᠡᠨ ᠤ ᠰᠡᠳᠬᠢᠯ ᠢ ᠳᠤᠯᠠᠭᠠᠴᠠᠭᠤᠯᠤᠨ᠎ᠠ᠃︾ ᠭᠡᠵᠦ ᠡᠪᠦᠭᠡᠨ ᠬᠠᠯᠠᠭᠤᠨ ᠨᠢᠯᠪᠤᠰᠤ | ᠠᠰᠬᠠᠷᠠᠭᠤᠯᠤᠨ ᠦᠭᠡ ᠠᠰᠠᠭᠤᠬᠤ ᠬᠥᠮᠦᠨ ᠤ ᠭᠠᠷ ᠢ ᠠᠳᠬᠤᠨ ᠬᠡᠯᠡᠪᠡ᠃ | ︽ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠬᠤ ᠦᠬᠡᠢ ︾᠃ ᠮᠠᠨ ᠤ ᠲᠣᠰᠬᠤᠨ ᠤ | ᠲᠣᠰᠬᠤᠨ ᠳᠤ ᠰᠠᠭᠤᠭ᠎ᠠ ᠠᠩᠭᠢ ᠤᠷᠲᠤ ᠬᠤᠭᠤᠴᠠᠭᠠᠨ ᠤ ᠲᠤᠷᠰᠢ ᠲᠣᠰᠬᠤᠨ ᠤ ᠠᠷᠠᠳ ᠤᠨ ᠬᠠᠯᠠᠭᠤᠨ | ᠬᠦᠢᠲᠡᠨ ᠢ ᠰᠡᠳᠬᠢᠯ ᠳᠡᠭᠡᠨ ᠪᠣᠳᠣᠵᠤ᠂ ᠢᠯᠠᠩᠭᠤᠶ᠎ᠠ ᠵᠠᠷᠢᠮ ᠬᠦᠨᠳᠦ ᠡᠪᠡᠳᠴᠢᠨ ᠲᠠᠢ ᠠᠬᠠᠮᠠᠳ ᠨᠠᠮ ᠤᠨ ᠭᠡᠰᠢᠭᠦᠨ | ᠪᠣᠯᠤᠨ ᠬᠦᠴᠢᠷ ᠳᠡᠯᠲᠡᠶ ᠣᠯᠠᠨ ᠲᠦᠮᠡᠨ᠃ ᠡᠪᠡᠳᠴᠢᠨ ᠣᠯᠤᠭᠰᠠᠨ ᠪᠤᠶᠤ ᠬᠦᠴᠢᠷᠳᠡᠯ ᠲᠠᠢ ᠦᠶ᠎ᠡ ᠳᠤ | ᠲᠣᠰᠬᠤᠨ ᠳᠤ ᠰᠠᠭᠤᠭ᠎ᠠ ᠠᠩᠭᠢ ᠳᠠᠷᠤᠶ ᠲᠦᠷᠭᠡᠨ ᠬᠦᠷᠴᠦ ᠢᠷᠡᠳᠡᠭ᠃ ᠲᠡᠳᠡᠨ ᠳᠤ ᠲᠣᠰᠬᠤᠨ ᠳᠤ ᠰᠠᠭᠤᠭ᠎ᠠ | ᠭᠡᠰᠢᠭᠦᠳ ᠤᠨ ᠬᠠᠯᠠᠮᠵᠢᠯᠠᠯ ᠪᠠ ᠮᠡᠨᠳᠦᠴᠢᠯᠡᠯ ᠬᠦᠷᠭᠡᠵᠦ᠂ ᠲᠡᠳᠡᠨ ᠳᠤ ᠨᠠᠮ ᠤᠨ ᠬᠠᠯᠠᠮᠵᠢᠯᠠᠯ ᠪᠠ ᠬᠠᠶᠢᠷ᠎ᠠ | ᠬᠠᠯᠠᠮᠵᠢ ᠶᠢ ᠭᠦᠢᠴᠡᠳ ᠮᠡᠳᠡᠷᠡᠭᠦᠯᠪᠡ᠃ | ᠭᠤᠷᠪᠠ᠂ ᠲᠣᠰᠬᠤᠨ ᠤ ᠵᠠᠮ ᠢ ᠵᠠᠰᠠᠵᠤ᠂ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠬᠦᠴᠢᠷ | ᠠᠰᠠᠭᠤᠳᠠᠯ ᠢ ᠰᠢᠢᠳᠪᠤᠷᠢᠯᠡᠪᠡ | | | | | ᠡᠨᠡ ᠴᠢᠨᠢ ᠠᠷᠪᠠ ᠶᠢᠰᠦᠳᠦᠭᠡᠷ ᠲᠣᠰᠬᠤᠨ ᠳᠤ ᠰᠠᠭᠤᠭ᠎ᠠ ᠭᠠᠴᠠᠭᠠᠨ ᠤ ᠺᠠᠳ᠋ᠷ ᠪᠢᠰᠢ ᠤᠤ︖ ᠡᠶᠢᠮᠦ ᠤᠯᠠᠨ | ᠬᠥᠮᠦᠨ ᠠᠳᠡ ᠵᠠᠮ ᠵᠠᠰᠠᠵᠤ᠂ ᠭᠤᠤ ᠭᠠᠩᠭ᠎ᠠ ᠶᠢ ᠳᠡᠪᠢᠰᠴᠦ ᠪᠠᠶᠢᠬᠤ ᠳᠤ ᠤᠳᠤ ᠶᠢᠨ ᠲᠣᠰᠬᠤᠨ ᠳᠤ ᠰᠠᠭᠤᠭ᠎ᠠ | ᠺᠠᠳ᠋ᠷ ᠦᠨᠡᠬᠡᠷ ᠬᠠᠯᠠᠭᠤᠨ ᠳᠣᠲᠣᠨᠣ ᠪᠠᠶᠢᠨ᠎ᠠ᠃ 2019 ᠣᠨ ᠤ 10 ᠰᠠᠷ᠎ᠠ ᠶᠢᠨ 23 ᠤ ᠡᠳᠦᠷ᠂ ᠠᠷᠪᠠ | ᠶᠢᠰᠦᠳᠦᠭᠡᠷ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠬᠡᠰᠡᠭ ᠲᠣᠰᠬᠤᠨ ᠤ ᠠᠷᠠᠳ ᠨᠠᠮ ᠤᠨ | ᠡᠭᠦᠷ ᠤᠨ ᠤᠷᠢᠶᠠᠯᠠᠭ᠎ᠠ ᠳᠣᠤᠷ᠎ᠠ ᠰᠠᠨ ᠶᠤᠸᠠᠨ ᠵᠢᠩ ᠲᠣᠰᠬᠤᠨ ᠤ ᠵᠠᠮ ᠢ ᠵᠠᠰᠠᠵᠤ᠂ ᠨᠠᠰᠢ ᠴᠠᠰᠢ ᠶᠠᠪᠤᠵᠤ | ᠪᠠᠶᠢᠭ᠎ᠠ ᠬᠥᠮᠦᠰ ᠲᠣᠰᠬᠤᠨ ᠳᠤ ᠰᠠᠭᠤᠭ᠎ᠠ ᠪᠠᠷᠢᠭᠠᠳᠠ ᠶᠢ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ | ᠦᠢᠯᠡᠴᠢᠯᠡᠵᠦ ᠪᠠᠶᠢᠨ᠎ᠠ ᠭᠡᠵᠦ ᠮᠠᠭᠲᠠᠨ ᠰᠠᠶᠢᠰᠢᠶᠠᠵᠤ ᠪᠠᠶᠢᠨ᠎ᠠ᠃ | ᠰᠠᠨ ᠶᠤᠸᠠᠨ ᠵᠢᠩ ᠬᠤᠳᠳᠤᠭ ᠤᠨ ᠵᠠᠮ ᠤᠨ ᠡᠪᠳᠡᠭᠳᠡᠯ ᠬᠦᠨᠳᠦ ᠨᠣᠴᠢᠲᠠᠶ ᠪᠠᠶᠢᠵᠤ᠂ ᠵᠠᠮ ᠤᠨ | ᠭᠠᠳᠠᠷᠭᠤ ᠨᠢ ᠡᠩᠬᠦᠯ ᠳᠤᠩᠬᠤᠯ ᠪᠠᠶᠢᠵᠤ᠂ ᠵᠥᠪᠬᠡᠨ ᠵᠢᠭᠠᠬᠠᠨ ᠪᠣᠷᠣᠭᠠᠨ ᠣᠷᠣᠪᠠᠯ᠂ ᠵᠠᠮ ᠤᠨ ᠭᠠᠳᠠᠷᠭᠤ ᠶᠢ | ᠲᠡᠭᠰᠢ ᠦᠭᠡᠢ ᠤᠷᠤᠰᠬᠠᠨ᠎ᠠ᠃ ᠲᠡᠷᠭᠡ ᠪᠠ ᠶᠠᠪᠠᠭᠠᠨ ᠬᠥᠮᠦᠨ ᠤ ᠶᠠᠪᠤᠵᠤ ᠰᠠᠭᠤᠬᠤ ᠶᠢ ᠬᠦᠨᠳᠦ ᠨᠣᠴᠢᠲᠠᠶ | ᠨᠥᠯᠥᠭᠡᠯᠡᠵᠦ᠂ ᠣᠯᠠᠨ ᠲᠦᠮᠡᠨ ᠤ ᠤᠶᠢᠯᠡᠳᠪᠤᠷᠢᠯᠡᠯᠠᠮᠢᠳᠤᠷᠠᠯ ᠳᠤ ᠴᠤ ᠳᠥᠭᠦᠮ ᠦᠭᠡᠢ ᠪᠣᠯᠵᠠᠶ᠃ ᠠᠷᠪᠠ | ᠶᠢᠰᠦᠳᠦᠭᠡᠷ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ | ᠢᠳᠡᠪᠬᠢᠲᠡᠢ ᠪᠠᠳᠠᠷᠠᠭᠤᠯᠵᠤ᠂ ᠠᠯᠪᠠᠨ ᠵᠢᠷᠤᠮ ᠤᠨ ᠬᠥᠳᠡᠯᠮᠦᠷᠢ ᠥᠷᠨᠢᠭᠦᠯᠵᠦ᠂ ᠡᠪᠳᠡᠷᠡᠵᠦ ᠰᠤᠶᠢᠳᠤᠭ᠍ᠰᠡᠨ ᠵᠠᠮ ᠢ | ᠰᠡᠯᠪᠢᠨ ᠵᠠᠰᠠᠬᠤ ᠬᠡᠷᠡᠭᠲᠡᠶ᠃ | ᠵᠠᠮ ᠵᠠᠰᠠᠬᠤ ᠶᠠᠪᠤᠴᠠ ᠳᠤ᠂ ᠲᠣᠰᠬᠤᠨ ᠳᠤ ᠰᠠᠭᠤᠭ᠎ᠠ ᠠᠩᠭᠢ ᠶᠢᠨ ᠭᠡᠰᠢᠭᠦᠳ ᠲᠡᠮᠦᠷ ᠬᠦᠷᠵᠡ ᠬᠤᠷᠦ᠋ᠢᠯᠠᠵᠤ᠂ | ᠬᠠᠶᠢᠷ ᠴᠢᠯᠠᠭᠤ ᠪᠠᠷ ᠵᠠᠮ ᠢ ᠲᠡᠭᠰᠢᠯᠡᠪᠡ᠃ ᠣᠯᠠᠨ ᠢᠶᠠᠷ ᠢᠶᠠᠨ ᠬᠥᠯᠥᠰᠥ ᠠᠰᠬᠠᠷᠠᠨ᠂ ᠪᠠᠰᠠ ᠯᠠ ᠭᠠᠰᠢᠭᠤᠨ | ᠵᠣᠪᠠᠯᠠᠩ ᠢᠶᠠᠨ ᠲᠣᠭᠠᠴᠢᠬᠤ ᠬᠥᠮᠦᠨ ᠪᠠᠶᠢᠬᠤ ᠦᠭᠡᠢ᠃ ᠨᠢᠭᠡ ᠦᠳᠡ ᠶᠢᠨ ᠬᠤᠶᠢᠨᠠᠬᠢ ᠠᠵᠢᠯ ᠢᠶᠠᠷ ᠳᠠᠮᠵᠢᠨ | ᠵᠠᠮ ᠢ ᠨᠡᠶᠢᠲᠡ 2 ᠺᠢᠯᠣᠮᠧᠲᠷ ᠲᠡᠭᠰᠢᠯᠡᠪᠡ᠃ ᠤᠤᠯ ᠤᠨ ᠡᠪᠳᠡᠷᠡᠵᠦ ᠰᠤᠶᠢᠳᠤᠭ᠍ᠰᠡᠨ ᠵᠠᠮ ᠢ ᠲᠡᠭᠰᠢᠬᠡᠨ ᠵᠠᠰᠠᠵᠤ᠂ | ᠲᠣᠰᠬᠤᠨ ᠤ ᠠᠷᠠᠳ ᠤᠨ ᠨᠡᠭᠦᠷᠡᠰᠦ ᠲᠡᠭᠡᠭᠡᠪᠦᠷᠢᠯᠡᠬᠦ ᠳᠤ ᠳᠥᠭᠦᠮ ᠦᠵᠡᠭᠦᠯᠵᠡᠶ᠃ | ᠡᠶᠢᠮᠦᠷᠬᠦᠤ ᠦᠯᠢᠭᠡᠷ ᠪᠠᠰᠠ ᠮᠠᠰᠢ ᠣᠯᠠᠨ ᠪᠠᠶᠢᠨ᠎ᠠ᠂ ᠮᠠᠰᠢ ᠣᠯᠠᠨ ᠦᠯᠢᠭᠡᠷ ᠲᠤ ᠲᠣᠰᠬᠤᠨ ᠤ ᠺᠠᠲᠠᠷ ᠲᠤ | ᠰᠠᠭᠤᠭ᠎ᠠ ᠺᠠᠳ᠋ᠷ ᠲᠤ ᠣᠯᠠᠨ ᠲᠦᠮᠡᠨ ᠤ ᠲᠥᠯᠥᠭᠡ ᠪᠣᠳᠠᠲᠠᠶ ᠶᠠᠪᠤᠳᠠᠯ ᠬᠢᠵᠦ ᠬᠦᠴᠢᠷ ᠠᠰᠠᠭᠤᠳᠠᠯ ᠢ | ᠰᠢᠢᠳᠪᠤᠷᠢᠯᠡᠬᠦ ᠪᠠᠶᠠᠷ ᠵᠢᠷᠭᠠᠯ ᠢ ᠦᠨᠡᠨᠬᠦ ᠮᠡᠳᠡᠷᠡᠭᠦᠯᠦᠭᠰᠡᠨ ᠢᠶᠠᠷ ᠪᠠᠷᠠᠬᠤ ᠦᠭᠡᠶ ᠪᠠᠰᠠ ᠣᠯᠠᠨ ᠲᠦᠮᠡᠨ ᠳᠤ | ᠰᠠᠭᠤᠭ᠎ᠠ ᠺᠠᠲᠠᠷ ᠤᠨ ᠣᠯᠠᠨ ᠲᠦᠮᠡᠨ ᠤ ᠳᠤᠮᠳᠠ ᠭᠦᠨᠵᠡᠭᠡᠶᠢᠷᠡᠨ᠂ ᠣᠯᠠᠨ ᠲᠦᠮᠡᠨ ᠲᠠᠢ ᠬᠠᠷᠢᠯᠴᠠᠬᠤ ᠪᠣᠳᠠᠲᠤ | ᠰᠤᠷᠲᠠᠯ ᠢ ᠦᠵᠡᠭᠦᠯᠵᠡᠶ᠃ ᠲᠣᠰᠬᠤᠨ ᠤ ᠠᠷᠠᠳ ᠲᠠᠢ ᠤᠯᠠᠮ ᠣᠶᠢᠷᠠᠲᠤᠵᠤ᠂ ᠣᠯᠠᠨ ᠲᠦᠮᠡᠨ ᠤ ᠮᠠᠭᠲᠠᠭᠠᠯ ᠢ | ᠣᠯᠵᠠᠶ᠃ | | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |