9 ᠰᠠᠷ᠎ᠠ ᠶᠢᠨ 22 ᠤᠨ ᠡᠳᠦᠷ᠂ ᠪᠡᠭᠡᠵᠢᠩ ᠤᠨ ᠨᠡᠶᠢᠰᠯᠡᠯ ᠤᠨ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠲᠤ | ᠺᠤᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠡᠷᠡᠭ ᠮᠡᠳᠡᠭᠴᠢ ᠸᠧᠶ ᠡᠾᠦ᠋ᠩ ᠲᠤᠤ ᠮᠠᠨ ᠤ ᠰᠢᠶᠠᠨ ᠳᠤ | ᠬᠦᠷᠴᠦ ᠰᠣᠶᠣᠯ ᠵᠢᠭᠤᠯᠴᠢᠯᠠᠯ ᠤᠨ ᠲᠥᠷᠥᠯ ᠵᠤᠶᠢᠯ ᠢ ᠰᠢᠨᠵᠢᠯᠡᠨ ᠪᠠᠶᠢᠴᠠᠭᠠᠪᠠ᠃ ᠰᠢᠶᠠᠨ ᠤ ᠨᠠᠮ ᠤᠨ | ᠬᠤᠷᠢᠶᠠᠨ ᠤ ᠱᠦᠵᠢ ᠸᠠᠩ ᠸᠧᠨ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠾᠦᠢ ᠰᠢᠶᠠᠩ ᠰᠧ ᠰᠦᠮ᠎ᠡ᠂ | ᠳᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ ᠪᠣᠯᠤᠨ ᠭᠡᠷ ᠲᠡᠷᠭᠡ ᠬᠡᠭᠡᠷ᠎ᠡ | ᠪᠠᠭᠤᠳᠠᠯᠯᠠᠬᠤ ᠰᠠᠭᠤᠷᠢᠨ ᠭᠠᠵᠠᠷ ᠢᠶᠠᠷ ᠲᠣᠭᠤᠷᠢᠨ ᠦᠵᠡᠵᠦ᠂ ᠡᠯ᠎ᠡ ᠦᠵᠡᠮᠵᠢ ᠶᠢᠨ ᠣᠷᠣᠨ ᠪᠦᠰᠡ ᠶᠢᠨ ᠣᠷᠣᠨ | ᠪᠠᠶᠢᠷᠢ᠂ ᠭᠠᠵᠠᠷ ᠤᠨ ᠣᠨᠴᠠᠯᠢᠭ᠂ ᠰᠣᠶᠣᠯ ᠢᠷᠭᠡᠨᠰᠢᠯ ᠤᠨ ᠵᠠᠩ ᠦᠢᠯᠡ ᠵᠡᠷᠭᠡ ᠪᠠᠶᠢᠳᠠᠯ ᠢ ᠣᠶᠢᠯᠠᠭᠠᠵᠠᠶ᠃ | ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠪᠠᠶᠢᠳᠠᠯ ᠢ ᠲᠠᠨᠢᠯᠴᠠᠭᠤᠯᠬᠤ ᠪᠠ ᠬᠠᠷᠢᠯᠴᠠᠨ ᠰᠣᠯᠢᠯᠴᠠᠬᠤ ᠪᠠᠷ | ᠳᠠᠮᠵᠢᠭᠤᠯᠤᠨ᠂ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠰᠢᠶᠠᠨ ᠤ ᠭᠦᠨ ᠵᠤᠵᠠᠭᠠᠨ ᠰᠣᠶᠣᠯ ᠤᠨ ᠠᠭᠤᠯᠬᠤᠨ᠂ | ᠭᠤᠶᠢᠳᠠ ᠰᠠᠶᠢᠬᠠᠨ ᠠᠮᠢ ᠠᠬᠤᠶ ᠶᠢᠨ ᠣᠷᠴᠢᠨ ᠨᠥᠬᠦᠴᠡᠯ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ | ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠶ ᠶᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ ᠰᠢᠨᠵᠢᠯᠡᠨ | ᠪᠠᠶᠢᠴᠠᠭᠠᠬᠤ ᠳᠤᠮᠳᠠ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ | ᠸᠠᠩ ᠸᠧᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢ ᠪᠠᠶᠠᠷᠯᠠᠨ ᠤᠭᠲᠤᠵᠤ ᠪᠠᠶᠢᠬᠤ ᠪᠠᠨ | ᠢᠯᠡᠳᠬᠡᠵᠦ᠂ ᠮᠠᠨ ᠤ ᠰᠢᠶᠠᠨ ᠤ ᠦᠨᠳᠦᠰᠦᠨ ᠪᠠᠶᠢᠳᠠᠯ ᠪᠣᠯᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ | ᠰᠡᠳᠬᠢᠴᠡ ᠶᠢ ᠲᠠᠨᠢᠯᠴᠠᠭᠤᠯᠵᠤ᠂ ᠨᠡᠶᠢᠰᠯᠡᠯ ᠤᠨ ᠵᠢᠭᠤᠯᠴᠢᠯᠠᠯ ᠤᠨ ᠪᠦᠯᠦᠭᠯᠡᠯ ᠤᠨ ᠮᠠᠨ ᠤ ᠰᠢᠶᠠᠨ ᠲᠠᠢ | ᠨᠡᠪᠲᠡᠷᠡᠯᠴᠡᠭᠡ ᠪᠠᠨ ᠴᠢᠩᠭᠠᠳᠬᠠᠬᠤ ᠶᠢ ᠬᠦᠰᠡᠵᠡᠶ᠃ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠣᠨᠣᠪᠴᠢᠲᠠᠢ | ᠣᠯᠵᠤ᠂ ᠬᠥᠭᠵᠢᠯᠲᠡ ᠶᠢᠨ ᠲᠠᠯ᠎ᠠ ᠪᠠᠷ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃ ᠮᠠᠨ ᠤ ᠰᠢᠶᠠᠨ | ᠵᠢᠭᠤᠯᠴᠢᠯᠠᠯ ᠤᠨ ᠠᠵᠤ ᠤᠶᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠬᠢᠶᠠᠯ ᠢ | ᠠᠮᠵᠢᠨ᠂ ᠵᠣᠯᠭᠠᠯᠲᠠ ᠪᠠᠨ ᠴᠢᠩᠭᠠᠳᠬᠠᠨ᠎ᠠ᠃ ᠵᠤᠭᠠᠴᠠᠯ ᠤᠨ ᠦᠢᠯᠡᠰ ᠤᠨ ᠪᠠᠶᠢᠳᠠᠯ ᠤᠨ ᠬᠠᠮᠢᠶᠠᠷᠤᠯᠲᠠ ᠶᠢ | ᠴᠢᠩᠭ᠎ᠠ ᠠᠳᠬᠤᠵᠤ᠂ ᠲᠣᠭᠲᠠᠴᠠ ᠶᠢ ᠤᠯᠠᠮ ᠨᠢᠭᠡ ᠠᠯᠬᠤᠮ ᠰᠢᠨᠡᠴᠢᠯᠡᠵᠦ᠂ ᠵᠢᠭᠤᠯᠴᠢᠯᠠᠯ ᠤᠨ ᠢᠵᠢ | ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠤᠭ ᠤᠨ ᠰᠢᠯᠢᠳᠡᠭ | ᠤᠶᠢᠯᠡᠴᠢᠯᠡᠭᠡ ᠶᠢ ᠬᠠᠩᠭᠠᠵᠠᠢ᠃ ᠰᠣᠶᠣᠯ ᠵᠢᠭᠤᠯᠴᠢᠯᠠᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠰᠠᠶᠢᠨ | ᠰᠠᠶᠢᠬᠠᠨ ᠣᠷᠴᠢᠨ ᠲᠣᠭᠤᠷᠢᠨ ᠢ ᠡᠭᠦᠳᠬᠦ ᠬᠡᠷᠡᠭᠲᠡᠶ ᠭᠡᠪᠡ᠃ | ᠡᠨᠡ ᠤᠳᠠᠭᠠᠨ ᠤ ᠪᠠᠶᠢᠴᠠᠭᠠᠯᠲᠠ ᠪᠠᠷ ᠲᠣᠬᠢᠶᠠᠯ ᠪᠤᠯᠭᠠᠵᠤ᠂ ᠬᠤᠶᠠᠷ ᠲᠠᠯ᠎ᠠ ᠶᠢᠨ ᠭᠦᠨᠵᠡᠭᠡᠢ | ᠵᠣᠯᠭᠠᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠶᠢ | ᠡᠷᠢᠯᠬᠢᠯᠡᠨ᠎ᠡ᠃ ᠮᠠᠨ ᠤ ᠰᠢᠶᠠᠨ ᠠᠭᠤᠯᠠ ᠤᠰᠤᠨ ᠤ ᠬᠥᠮᠦᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠵᠢᠭᠤᠯᠴᠢᠯᠠᠯ ᠤᠨ ᠡᠬᠢ ᠪᠠᠶᠠᠯᠢᠭ ᠢ ᠲᠠᠰᠤᠷᠠᠯᠲᠠ ᠥᠬᠡᠶ ᠠᠭᠤᠳᠠᠯᠤᠨ ᠨᠡᠶᠢᠯᠡᠭᠦᠯᠵᠦ᠂ | ᠵᠢᠭᠤᠯᠴᠢᠯᠠᠯ ᠤᠨ ᠤᠶᠢᠯᠡᠳᠭᠦᠨ ᠤ ᠰᠢᠨ᠎ᠡ ᠶᠢ ᠡᠭᠦᠳᠴᠦ᠂ ᠯᠢᠶᠠᠩᠴᠧᠩ ᠰᠢᠶᠠᠨ ᠢ ᠥᠨᠳᠥᠷ ᠪᠠᠷᠢᠮᠵᠢᠶᠠᠲᠤ | ᠰᠡᠯᠡᠭᠦᠴᠡᠯ ᠠᠮᠠᠷᠠᠯᠲᠠ ᠶᠢᠨ ᠪᠡᠶ᠎ᠡ ᠰᠤᠪᠢᠯᠠᠬᠤ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠠᠶᠢᠭᠤᠯᠤᠨ᠎ᠠ᠃ | ᠡᠭᠦᠨ ᠤ ᠬᠠᠮᠲᠤ᠂ ᠤᠬᠠᠭᠤᠯᠭ᠎ᠠ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ ᠶᠢ ᠴᠢᠬᠤᠯᠠᠴᠢᠯᠠᠵᠤ᠂ | ᠵᠢᠭᠤᠯᠴᠢᠯᠠᠯ ᠤᠨ ᠲᠠᠲᠠᠬᠤ ᠬᠦᠴᠦᠨ ᠢ ᠴᠢᠷᠮᠠᠶᠢᠨ ᠴᠢᠩᠭᠠᠳᠬᠠᠵᠤ᠂ ᠯᠢᠶᠠᠩᠴᠧᠩ ᠰᠢᠶᠠᠨ ᠤ ᠵᠢᠭᠤᠯᠴᠢᠯᠠᠯ ᠤᠨ | ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ | | ᠰᠤᠷᠪᠤᠯᠵᠢᠯᠠᠭᠴᠢ ᠄ ᠴᠧᠨ ᠶᠦᠨ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |