ᠪᠡᠭᠡᠵᠢᠩ  ᠤᠨ ᠵᠢᠭᠤᠯᠴᠢᠯᠠᠯ ᠤᠨ ᠪᠦᠯᠦᠭᠯᠡᠯ ᠮᠠᠨ ᠤ ᠰᠢᠶᠠᠨ ᠳᠤ ᠬᠦᠷᠴᠦ ᠰᠣᠶᠣᠯ ᠵᠢᠭᠤᠯᠴᠢᠯᠠᠯ ᠤᠨ ᠲᠥᠷᠥᠯ ᠵᠤᠶᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020/9/24
    9 ᠰᠠᠷ᠎ᠠ ᠶᠢᠨ 22 ᠤᠨ ᠡᠳᠦᠷ᠂ ᠪᠡᠭᠡᠵᠢᠩ ᠤᠨ ᠨᠡᠶᠢᠰᠯᠡᠯ ᠤᠨ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠡᠷᠡᠭ ᠮᠡᠳᠡᠭᠴᠢ ᠸᠧᠶ  ᠡᠾᠦ᠋ᠩ ᠲᠤᠤ ᠮᠠᠨ ᠤ ᠰᠢᠶᠠᠨ ᠳᠤ ᠬᠦᠷᠴᠦ ᠰᠣᠶᠣᠯ ᠵᠢᠭᠤᠯᠴᠢᠯᠠᠯ ᠤᠨ ᠲᠥᠷᠥᠯ  ᠵᠤᠶᠢᠯ ᠢ ᠰᠢᠨᠵᠢᠯᠡᠨ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠸᠧᠨ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃
     ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠾᠦᠢ ᠰᠢᠶᠠᠩ ᠰᠧ ᠰᠦᠮ᠎ᠡ᠂ ᠳᠠᠭ᠎ᠠ ᠶᠢᠨ ᠨᠠᠭᠤᠷ ᠤᠨ ᠬᠠᠯᠠᠭᠤᠨ ᠷᠠᠰᠢᠶᠠᠨ ᠤ ᠮᠥᠰᠥ ᠴᠠᠰᠤᠨ ᠤ ᠵᠢᠵᠢᠭ ᠪᠠᠯᠭᠠᠰᠤ ᠪᠣᠯᠤᠨ ᠭᠡᠷ ᠲᠡᠷᠭᠡ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠢᠶᠠᠷ ᠲᠣᠭᠤᠷᠢᠨ ᠦᠵᠡᠵᠦ᠂ ᠡᠯ᠎ᠡ ᠦᠵᠡᠮᠵᠢ ᠶᠢᠨ ᠣᠷᠣᠨ ᠪᠦᠰᠡ ᠶᠢᠨ ᠣᠷᠣᠨ ᠪᠠᠶᠢᠷᠢ᠂ ᠭᠠᠵᠠᠷ ᠤᠨ ᠣᠨᠴᠠᠯᠢᠭ᠂ ᠰᠣᠶᠣᠯ ᠢᠷᠭᠡᠨᠰᠢᠯ ᠤᠨ ᠵᠠᠩ ᠦᠢᠯᠡ ᠵᠡᠷᠭᠡ ᠪᠠᠶᠢᠳᠠᠯ ᠢ ᠣᠶᠢᠯᠠᠭᠠᠵᠠᠶ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠪᠠᠶᠢᠳᠠᠯ ᠢ ᠲᠠᠨᠢᠯᠴᠠᠭᠤᠯᠬᠤ ᠪᠠ ᠬᠠᠷᠢᠯᠴᠠᠨ ᠰᠣᠯᠢᠯᠴᠠᠬᠤ ᠪᠠᠷ ᠳᠠᠮᠵᠢᠭᠤᠯᠤᠨ᠂ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠰᠢᠶᠠᠨ ᠤ ᠭᠦᠨ ᠵᠤᠵᠠᠭᠠᠨ ᠰᠣᠶᠣᠯ ᠤᠨ ᠠᠭᠤᠯᠬᠤᠨ᠂ ᠭᠤᠶᠢᠳᠠ ᠰᠠᠶᠢᠬᠠᠨ ᠠᠮᠢ ᠠᠬᠤᠶ ᠶᠢᠨ ᠣᠷᠴᠢᠨ ᠨᠥᠬᠦᠴᠡᠯ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠶ ᠶᠢ ᠳᠡᠭᠡᠳᠦ ᠬᠡᠮᠵᠢᠶ᠎ᠡ ᠪᠠᠷ ᠦᠨᠡᠯᠡᠬᠦ ᠶᠢᠨ ᠬᠠᠮᠲᠤ ᠰᠢᠨᠵᠢᠯᠡᠨ ᠪᠠᠶᠢᠴᠠᠭᠠᠬᠤ ᠳᠤᠮᠳᠠ  ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃
    ᠸᠠᠩ ᠸᠧᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠮᠠᠨ ᠤ ᠰᠢᠶᠠᠨ ᠤ ᠦᠨᠳᠦᠰᠦᠨ ᠪᠠᠶᠢᠳᠠᠯ ᠪᠣᠯᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠡᠳᠬᠢᠴᠡ ᠶᠢ ᠲᠠᠨᠢᠯᠴᠠᠭᠤᠯᠵᠤ᠂ ᠨᠡᠶᠢᠰᠯᠡᠯ ᠤᠨ ᠵᠢᠭᠤᠯᠴᠢᠯᠠᠯ ᠤᠨ ᠪᠦᠯᠦᠭᠯᠡᠯ ᠤᠨ ᠮᠠᠨ ᠤ ᠰᠢᠶᠠᠨ ᠲᠠᠢ ᠨᠡᠪᠲᠡᠷᠡᠯᠴᠡᠭᠡ ᠪᠠᠨ  ᠴᠢᠩᠭᠠᠳᠬᠠᠬᠤ ᠶᠢ ᠬᠦᠰᠡᠵᠡᠶ᠃ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠣᠨᠣᠪᠴᠢᠲᠠᠢ ᠣᠯᠵᠤ᠂ ᠬᠥᠭᠵᠢᠯᠲᠡ ᠶᠢᠨ ᠲᠠᠯ᠎ᠠ ᠪᠠᠷ ᠬᠠᠮᠲᠤᠪᠠᠷ  ᠠᠰᠢᠭ ᠬᠦᠷᠳᠡᠬᠦ ᠶᠢ ᠪᠡᠶᠡᠯᠡᠭᠦᠯᠦᠨ᠎ᠡ᠃ ᠮᠠᠨ ᠤ ᠰᠢᠶᠠᠨ ᠵᠢᠭᠤᠯᠴᠢᠯᠠᠯ ᠤᠨ ᠠᠵᠤ  ᠤᠶᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠬᠢᠶᠠᠯ ᠢ ᠠᠮᠵᠢᠨ᠂ ᠵᠣᠯᠭᠠᠯᠲᠠ ᠪᠠᠨ  ᠴᠢᠩᠭᠠᠳᠬᠠᠨ᠎ᠠ᠃ ᠵᠤᠭᠠᠴᠠᠯ ᠤᠨ ᠦᠢᠯᠡᠰ ᠤᠨ  ᠪᠠᠶᠢᠳᠠᠯ ᠤᠨ ᠬᠠᠮᠢᠶᠠᠷᠤᠯᠲᠠ ᠶᠢ ᠴᠢᠩᠭ᠎ᠠ ᠠᠳᠬᠤᠵᠤ᠂ ᠲᠣᠭᠲᠠᠴᠠ ᠶᠢ ᠤᠯᠠᠮ ᠨᠢᠭᠡ  ᠠᠯᠬᠤᠮ ᠰᠢᠨᠡᠴᠢᠯᠡᠵᠦ᠂ ᠵᠢᠭᠤᠯᠴᠢᠯᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ  ᠴᠢᠩᠭᠠᠳᠬᠠᠵᠤ᠂ ᠬᠠᠮᠤᠭ ᠤᠨ ᠰᠢᠯᠢᠳᠡᠭ  ᠤᠶᠢᠯᠡᠴᠢᠯᠡᠭᠡ ᠶᠢ ᠬᠠᠩᠭᠠᠵᠠᠢ᠃ ᠰᠣᠶᠣᠯ ᠵᠢᠭᠤᠯᠴᠢᠯᠠᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ  ᠢ ᠡᠭᠦᠳᠬᠦ ᠬᠡᠷᠡᠭᠲᠡᠶ ᠭᠡᠪᠡ᠃
       ᠡᠨᠡ ᠤᠳᠠᠭᠠᠨ ᠤ ᠪᠠᠶᠢᠴᠠᠭᠠᠯᠲᠠ ᠪᠠᠷ ᠲᠣᠬᠢᠶᠠᠯ ᠪᠤᠯᠭᠠᠵᠤ᠂ ᠬᠤᠶᠠᠷ ᠲᠠᠯ᠎ᠠ ᠶᠢᠨ ᠭᠦᠨᠵᠡᠭᠡᠢ ᠵᠣᠯᠭᠠᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠶᠢ ᠡᠷᠢᠯᠬᠢᠯᠡᠨ᠎ᠡ᠃ ᠮᠠᠨ ᠤ ᠰᠢᠶᠠᠨ ᠠᠭᠤᠯᠠ ᠤᠰᠤᠨ ᠤ ᠬᠥᠮᠦᠨ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ  ᠪᠠᠳᠠᠷᠠᠭᠤᠯᠵᠤ᠂ ᠵᠢᠭᠤᠯᠴᠢᠯᠠᠯ ᠤᠨ ᠡᠬᠢ ᠪᠠᠶᠠᠯᠢᠭ ᠢ ᠲᠠᠰᠤᠷᠠᠯᠲᠠ ᠥᠬᠡᠶ ᠠᠭᠤᠳᠠᠯᠤᠨ ᠨᠡᠶᠢᠯᠡᠭᠦᠯᠵᠦ᠂ ᠵᠢᠭᠤᠯᠴᠢᠯᠠᠯ ᠤᠨ  ᠤᠶᠢᠯᠡᠳᠭᠦᠨ ᠤ ᠰᠢᠨ᠎ᠡ ᠶᠢ ᠡᠭᠦᠳᠴᠦ᠂ ᠯᠢᠶᠠᠩᠴᠧᠩ ᠰᠢᠶᠠᠨ ᠢ ᠥᠨᠳᠥᠷ ᠪᠠᠷᠢᠮᠵᠢᠶᠠᠲᠤ ᠰᠡᠯᠡᠭᠦᠴᠡᠯ ᠠᠮᠠᠷᠠᠯᠲᠠ ᠶᠢᠨ ᠪᠡᠶ᠎ᠡ ᠰᠤᠪᠢᠯᠠᠬᠤ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠠᠶᠢᠭᠤᠯᠤᠨ᠎ᠠ᠃ ᠡᠭᠦᠨ ᠤ ᠬᠠᠮᠲᠤ᠂ ᠤᠬᠠᠭᠤᠯᠭ᠎ᠠ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ ᠶᠢ ᠴᠢᠬᠤᠯᠠᠴᠢᠯᠠᠵᠤ᠂  ᠵᠢᠭᠤᠯᠴᠢᠯᠠᠯ ᠤᠨ ᠲᠠᠲᠠᠬᠤ ᠬᠦᠴᠦᠨ ᠢ ᠴᠢᠷᠮᠠᠶᠢᠨ ᠴᠢᠩᠭᠠᠳᠬᠠᠵᠤ᠂ ᠯᠢᠶᠠᠩᠴᠧᠩ  ᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃                         ᠰᠤᠷᠪᠤᠯᠵᠢᠯᠠᠭᠴᠢ  ᠄ ᠴᠧᠨ ᠶᠦᠨ                         ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                         ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2