ᠲᠦᠷᠦᠭᠦᠬᠡᠨ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ︽ᠳᠤᠮᠳᠠᠳᠤ | ᠤᠯᠤᠰ ᠤᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠰᠡᠷᠭᠡᠶᠢᠯᠡᠬᠦ ᠲᠠᠷᠢᠯᠭ᠎ᠠ ᠶᠢᠨ ᠮᠡᠷᠭᠡᠵᠢᠯ ᠤᠨ ᠵᠦᠭᠯᠡᠭᠦᠷ ︵ | 2020 — 2021︶︾ ︵ᠳᠣᠷᠣᠭᠰᠢ ︽ᠵᠦᠭᠯᠡᠭᠦᠷ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ 2020 | — 2021 ᠣᠨ ᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠤ ᠲᠠᠷᠢᠯᠭ᠎ᠠ ᠶᠢᠨ ᠰᠠᠨᠠᠭᠤᠯᠭ᠎ᠠ ᠶᠢ ᠳᠤᠷᠠᠳᠪᠠ᠃ | ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠨᠢ᠂ ᠰᠢᠨ᠎ᠡ ᠲᠢᠳᠢᠮᠯᠢᠭ ᠸᠠᠺᠼᠢᠨ ᠨᠢ ᠠᠮᠤᠷ ᠲᠦᠪᠰᠢᠨ ᠤ ᠰᠢᠯᠭᠠᠨ | ᠪᠠᠳᠣᠯᠠᠯᠳᠠ ᠪᠠᠷ ᠳᠡᠮᠵᠢᠨ ᠵᠢᠩᠬᠢᠨᠢ ᠪᠠᠷ ᠵᠠᠬ᠎ᠠ ᠳᠡᠯᠭᠡᠭᠦᠷ ᠲᠤ ᠭᠠᠷᠬᠤ ᠠᠴᠠ ᠡᠮᠦᠨ᠎ᠡ᠂ ᠣᠯᠠᠨ ᠨᠡᠶᠢᠲᠡ ᠪᠠᠷ ᠢᠶᠠᠨ | ᠬᠠᠯᠳᠠᠪᠤᠷᠢᠲᠤ ᠲᠠᠭᠰᠢᠭᠤᠷ ᠤᠨ ᠸᠠᠺᠼᠢᠨ ᠳᠠᠷᠢᠵᠤ ᠪᠣᠯᠤᠨ᠎ᠠ᠃ | ︽ᠵᠦᠭᠯᠡᠭᠦᠷ︾ ᠲᠤ ᠵᠢᠭᠠᠵᠤ ᠭᠠᠷᠭᠠᠭᠰᠠᠨ ᠨᠢ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠳᠠᠷᠢᠬᠤ ᠪᠣᠯ | ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠬᠦ ᠪᠦᠲᠦᠮᠵᠢᠲᠡᠶ ᠠᠷᠭ᠎ᠠ ᠪᠠᠷᠢᠯ ᠮᠥᠨ᠂ ᠬᠠᠯᠳᠠᠪᠤᠷᠢᠲᠤ ᠲᠠᠭᠰᠢᠭᠤᠷ ᠲᠤ | ᠬᠤᠯᠪᠣᠭᠳᠠᠬᠤ ᠡᠪᠡᠳᠴᠢᠨ ᠡᠮᠭᠡᠭ ᠠᠴᠠ ᠪᠣᠯᠤᠭᠰᠠᠨ ᠬᠤᠤᠷ ᠬᠥᠨᠥᠭᠡᠯ ᠵᠢᠴᠢ ᠡᠮᠴᠢᠯᠡᠭᠡᠨ ᠤ ᠡᠬᠢ ᠪᠠᠶᠠᠯᠢᠭ ᠢ | ᠡᠵᠡᠯᠡᠨ ᠬᠡᠷᠡᠭᠯᠡᠬᠦ ᠶᠢ ᠪᠠᠭᠠᠰᠬᠠᠵᠤ ᠪᠣᠯᠤᠨ᠎ᠠ᠃ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ | ᠬᠤᠷᠢᠭᠯᠠᠬᠤ ᠲᠥᠪ ᠤᠨ ᠠᠮᠢᠳᠤ ᠪᠣᠳᠠᠰ ᠤᠨ ᠠᠮᠤᠷ ᠲᠦᠪᠰᠢᠨ ᠤ ᠲᠡᠷᠢᠬᠦᠨ ᠲᠤᠰᠬᠠᠶ ᠮᠡᠷᠭᠡᠵᠢᠯᠲᠡᠨ ᠡᠤ ᠬᠦᠶ ᠵᠧᠨ | ᠢᠯᠡᠷᠬᠡᠶᠢᠯᠡᠬᠦ ᠳᠡᠭᠡᠨ᠂ ᠬᠠᠯᠳᠠᠪᠤᠷᠢᠲᠤ ᠲᠠᠭᠰᠢᠭᠤᠷ ᠤᠨ ᠸᠠᠺᠼᠢᠨ ᠨᠢ ᠰᠢᠨ᠎ᠡ ᠲᠢᠳᠢᠮᠯᠢᠭ ᠤᠨ ᠸᠠᠺᠼᠢᠨ ᠲᠠᠢ | ᠬᠠᠷᠰᠢᠯᠳᠤᠬᠤ ᠥᠬᠡᠶ᠂ ᠬᠤᠶᠠᠭᠤᠯᠠ ᠶᠢ ᠬᠠᠮᠲᠤ ᠳᠤᠨᠢ ᠬᠡᠷᠡᠭᠯᠡᠵᠦ ᠪᠣᠯᠤᠨ᠎ᠠ᠃ ᠡᠦ ᠬᠦᠢ ᠵᠧᠨ ᠤ ᠦᠵᠡᠬᠦ ᠪᠠᠷ᠂ | ᠬᠠᠯᠳᠠᠪᠤᠷᠢᠲᠤ ᠲᠠᠭᠰᠢᠭᠤᠷ ᠤᠨ ᠸᠠᠺᠼᠢᠨ ᠲᠠᠷᠢᠭᠰᠠᠨ ᠤ ᠳᠠᠷᠠᠭ᠎ᠠ ᠬᠡᠷᠪᠡ ᠲᠠᠬᠤᠯ ᠲᠠᠭᠰᠢᠭᠤᠷ ᠠᠴᠠ ᠵᠠᠶᠢᠯᠠᠪᠠᠯ᠂ | ᠨᠡᠩ ᠠᠮᠠᠷᠬᠠᠨ ᠡᠷᠡᠭᠦᠯ ᠮᠡᠨᠳᠦ ᠪᠠᠨ ᠪᠠᠲᠤᠯᠠᠵᠤ᠂ ᠪᠠᠰᠠ ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠬᠦ ᠬᠠᠯᠠᠭᠤᠷᠠᠯ | ᠵᠡᠷᠭᠡ ᠡᠪᠡᠳᠴᠢᠨ ᠤ ᠢᠯᠡᠷᠡᠯ ᠠᠴᠠ ᠵᠠᠶᠢᠯᠠᠰᠬᠢᠵᠦ ᠪᠣᠯᠤᠨ᠎ᠠ᠃ ᠣᠳᠣᠬᠠᠨ ᠤ ᠪᠦᠬᠦ ᠪᠥᠮᠪᠥᠷᠴᠡᠭ ᠤᠨ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠤᠷᠢᠭᠯᠠᠬᠤ ᠶᠡᠭᠡ ᠠᠬᠤᠶ ᠪᠠᠢᠳᠠᠯ ᠳᠣᠣᠷ᠎ᠠ᠂ ᠡᠨᠡ ᠨᠢ ᠬᠤᠪᠢ | ᠬᠥᠮᠦᠨ ᠳᠤ ᠠᠰᠢᠭᠲᠠᠢ ᠪᠠᠷ ᠪᠠᠷᠠᠬᠤ ᠦᠭᠡᠢ ᠡᠮᠴᠢᠯᠡᠭᠡᠨ ᠤ ᠪᠠᠶᠢᠭᠤᠯᠤᠮᠵᠢ ᠶᠢᠨ ᠳᠠᠷᠤᠭᠠᠰᠤ ᠶᠢ ᠴᠤ ᠪᠠᠭᠠᠰᠬᠠᠨ᠎ᠠ᠃ | ︽ᠵᠦᠭᠯᠡᠭᠦᠷ︾ ᠲᠤ ᠰᠠᠨᠠᠭᠤᠯᠤᠭᠰᠠᠨ ᠢᠶᠠᠷ᠂ ᠬᠠᠯᠳᠠᠪᠤᠷᠢᠲᠤ ᠲᠠᠭᠰᠢᠭᠤᠷ ᠢ ᠤᠰᠠᠳᠬᠠᠬᠤ ᠸᠠᠺᠼᠢᠨ ᠨᠢ | ᠪᠤᠰᠤᠳ ᠢᠳᠡᠪᠬᠢᠵᠢᠭᠦᠯᠬᠦ ᠸᠠᠺᠼᠢᠨ ᠵᠢᠴᠢ ᠬᠤᠤᠷ ᠢ ᠪᠠᠭᠠᠰᠬᠠᠬᠤ ᠠᠮᠢᠳᠤ ᠸᠠᠺᠼᠢᠨ᠂ ᠵᠢᠱᠢᠶᠡᠯᠡᠪᠡᠯ ᠠᠭᠤᠰᠬᠢᠨ ᠤ | ᠦᠷᠪᠢᠰᠦᠯ ᠤᠨ ᠪᠠᠺᠲ᠋ᠧᠷᠢ ᠶᠢᠨ ᠸᠠᠺᠼᠢᠨ ᠵᠡᠷᠭᠡ ᠲᠠᠢ ᠬᠠᠮᠳᠣ ᠳᠤᠨᠢ ᠪᠡᠶ᠎ᠡ ᠶᠢᠨ ᠠᠳᠠᠯᠢ ᠪᠤᠰᠤ ᠭᠠᠵᠠᠷ ᠲᠤ ᠳᠠᠷᠢᠵᠤ | ᠪᠣᠯᠤᠨ᠎ᠠ᠂ ᠭᠡᠪᠡᠴᠦ ᠬᠠᠯᠳᠠᠪᠤᠷᠢᠲᠤ ᠲᠠᠭᠰᠢᠭᠤᠷ ᠤᠨ ᠬᠤᠤᠷ ᠢ ᠪᠠᠭᠠᠰᠬᠠᠬᠤ ᠠᠮᠢᠳᠤ ᠸᠠᠺᠼᠢᠨ ᠳᠠᠷᠢᠭᠰᠠᠨ ᠤ | ᠳᠠᠷᠠᠭ᠎ᠠ᠂ ᠡᠷᠬᠡᠪᠰᠢ 28 ᠡᠳᠦᠷ ᠠᠴᠠ ᠳᠡᠭᠡᠭᠰᠢ ᠠᠯᠤᠰᠯᠠᠪᠠᠯ ᠰᠠᠶ᠋ᠢ ᠪᠤᠰᠤᠳ ᠬᠤᠣᠷ ᠪᠠᠭᠤᠷᠠᠭᠤᠯᠬᠤ ᠠᠮᠢᠳᠤ | ᠸᠠᠺᠼᠢᠨ ᠳᠠᠷᠢᠵᠤ ᠪᠣᠯᠤᠨ᠎ᠠ᠃ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠬᠠᠯᠳᠠᠪᠤᠷᠢᠲᠤ ᠲᠠᠭᠰᠢᠭᠤᠷ ᠤᠨ | ᠸᠠᠺᠼᠢᠨ ᠪᠠ ᠠᠭᠤᠰᠬᠢᠨ ᠦᠷᠪᠢᠰᠦᠯ ᠤᠨ ᠪᠠᠺᠲ᠋ᠧᠷᠢ ᠶᠢᠨ ᠸᠠᠺᠼᠢᠨ ᠢ ᠬᠠᠮᠲᠤ ᠳᠤᠨᠢ ᠲᠠᠷᠢᠵᠤ ᠪᠣᠯᠤᠨ᠎ᠠ᠃ | ︽ᠵᠦᠭᠯᠡᠭᠦᠷ︾ ᠲᠤ᠂ ᠪᠥᠬᠦ ᠬᠥᠮᠦᠰ ᠬᠠᠯᠳᠠᠪᠤᠷᠢᠲᠤ ᠲᠠᠭᠰᠢᠭᠤᠷ ᠲᠤ ᠨᠡᠶᠢᠳᠡᠮ ᠠᠮᠠᠷᠬᠠᠨ ᠬᠠᠯᠳᠠᠪᠤᠷᠢᠯᠠᠳᠠᠭ᠂ | ᠬᠠᠷᠢᠨ ᠬᠠᠯᠳᠠᠪᠤᠷᠢᠲᠤ ᠲᠠᠭᠰᠢᠭᠤᠷ ᠤᠨ ᠸᠠᠺᠼᠢᠨ ᠪᠣᠯ ᠠᠮᠤᠷ ᠲᠦᠪᠰᠢᠨ᠂ ᠪᠦᠲᠦᠮᠵᠢᠲᠡᠶ ᠪᠠᠶᠢᠳᠠᠭ᠃ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠪᠦᠬᠦ ᠪᠥᠮᠪᠥᠷᠴᠡᠭ ᠲᠤ ᠳᠡᠯᠭᠡᠷᠡᠵᠦ ᠪᠠᠶᠢᠭ᠎ᠠ ᠠᠬᠤᠶ ᠪᠠᠶᠢᠳᠠᠯ ᠲᠠᠢ | ᠤᠶᠠᠯᠳᠤᠭᠤᠯᠤᠨ᠂ ︽ᠵᠦᠭᠯᠡᠭᠦᠷ︾ ᠲᠤ ᠡᠩ ᠲᠡᠷᠢᠭᠦᠨ ᠳᠤ ᠲᠡᠰ ᠳᠠᠷᠠᠭᠠᠯᠠᠯ ᠢᠶᠠᠷ ᠭᠤᠣᠯᠳᠠᠯᠭ᠎ᠠ ᠲᠠᠢ ᠪᠠ ᠠᠶᠤᠯ | ᠲᠦᠭᠰᠢᠭᠦᠷᠢ ᠶᠡᠭᠡ ᠲᠠᠢ ᠬᠥᠮᠦᠰ ᠲᠤ ᠲᠠᠷᠢᠯᠭ᠎ᠠ ᠬᠢᠨ᠎ᠡ ᠭᠡᠵᠦ ᠲᠠᠨᠢᠯᠴᠠᠭᠤᠯᠪᠠ᠄ ᠨᠢᠭᠡ ᠳᠤ ᠡᠮᠨᠡᠯᠭᠡ ᠶᠢᠨ ᠠᠵᠢᠯᠲᠠᠳ | ᠂ ᠡᠭᠦᠨ ᠳᠤ ᠡᠮᠴᠢᠯᠡᠭᠡᠨ ᠤ ᠠᠪᠤᠷᠠᠨ ᠵᠠᠰᠠᠬᠤ ᠠᠵᠢᠯᠳᠠᠨ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠳᠠᠨ | ᠂ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠠᠵᠢᠯᠳᠠᠨ︔ ᠬᠤᠶᠠᠷ ᠲᠤ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ ᠵᠡᠷᠭᠡ | ᠬᠦᠮᠤᠨ ᠤᠯᠠᠨᠲᠠᠢ ᠭᠠᠵᠠᠷ ᠤᠨ ᠬᠢᠯᠪᠠᠷᠬᠠᠨ ᠬᠠᠯᠳᠠᠪᠤᠷᠢᠯᠠᠬᠤ ᠬᠦᠮᠤᠰ ᠵᠢᠴᠢ ᠠᠵᠢᠯᠲᠠᠨ ᠠᠵᠢᠯᠴᠢᠨ︔ ᠭᠤᠷᠪᠠ ᠳᠤ | ᠭᠤᠤᠯᠳᠠᠯᠭ᠎ᠠ ᠲᠠᠢ ᠲᠠᠯᠠᠪᠤᠷ ᠤᠨ ᠬᠥᠮᠦᠰ᠂ ᠵᠢᠱᠢᠶᠡᠯᠡᠪᠡᠯ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠳᠤᠮᠳᠠᠳᠤ | ᠪᠠᠭ᠎ᠠ ᠰᠤᠷᠭᠠᠭᠤᠯᠢ ᠶᠢᠨ ᠪᠠᠭᠰᠢ ᠪᠣᠯᠤᠨ ᠰᠣᠷᠣᠭᠴᠢ᠂ ᠬᠤᠷᠢᠭᠤᠯ ᠤᠨ ᠭᠠᠵᠠᠷ ᠤᠨ ᠬᠤᠷᠢᠭᠳᠠᠯ ᠵᠢᠴᠢ ᠠᠵᠢᠯᠲᠠᠨ | ᠠᠵᠢᠯᠴᠢᠨ ᠵᠡᠷᠭᠡ︔ ᠳᠥᠷᠪᠡ ᠳᠤ ᠬᠠᠯᠳᠠᠪᠤᠷᠢᠲᠤ ᠲᠠᠭᠰᠢᠭᠤᠷ ᠤᠨ ᠲᠦᠭᠰᠢᠭᠦᠷᠢ ᠶᠡᠬᠡᠲᠡᠶ ᠪᠤᠰᠤᠳ ᠬᠥᠮᠦᠰ ᠲᠤ᠂ | 60 ᠨᠠᠰᠤ ᠵᠢᠴᠢ ᠲᠡᠭᠦᠨ ᠠᠴᠠ ᠳᠡᠭᠡᠭᠰᠢᠬᠢ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ᠂ 6 ᠰᠠᠷ᠎ᠠ ᠠᠴᠠ 5 | ᠨᠠᠰᠤᠨ ᠤ ᠬᠡᠤᠬᠡᠳ᠂ ᠠᠷᠬᠠᠭ ᠡᠪᠡᠳᠴᠢᠲᠡᠨ᠂ 6 ᠰᠠᠷ᠎ᠠ ᠠᠴᠠ ᠳᠣᠷᠣᠭᠰᠢᠬᠢ ᠨᠢᠯᠬ᠎ᠠ ᠬᠡᠤᠬᠡᠳ ᠤᠨ ᠬᠡᠷ | ᠪᠦᠯᠢ ᠶᠢᠨ ᠪᠦᠷᠢᠯᠳᠦᠭᠦᠨ ᠪᠠ ᠠᠰᠠᠷᠠᠭᠴᠢ ᠵᠢᠴᠢ ᠵᠢᠷᠮᠦᠰᠦᠨ ᠡᠮᠡᠭᠲᠡᠶ ᠪᠤᠶᠤ ᠬᠠᠯᠳᠠᠪᠤᠷᠢᠲᠤ ᠲᠠᠭᠰᠢᠭᠤᠷ ᠤᠨ | ᠤᠯᠠᠷᠢᠯ ᠳᠤ ᠵᠢᠷᠮᠦᠰᠦᠯᠡᠬᠦ ᠭᠡᠵᠦ ᠪᠠᠶᠢᠭ᠎ᠠ ᠡᠮᠡᠭᠲᠡᠶ ᠵᠡᠷᠭᠡ ᠪᠠᠭᠲᠠᠨ᠎ᠠ᠃ 6 ᠰᠠᠷ᠎ᠠ ᠠᠴᠠ ᠶᠡᠭᠡ ᠮᠥᠷᠲᠡᠭᠡᠨ ᠴᠡᠭᠡᠷᠯᠡᠬᠦ | ᠡᠪᠡᠳᠴᠢᠨ ᠦᠭᠡᠶ ᠬᠥᠮᠦᠰ ᠪᠦᠷ ᠬᠠᠯᠳᠠᠪᠤᠷᠢᠲᠤ ᠲᠠᠭᠰᠢᠭᠤᠷ ᠤᠨ ᠸᠠᠺᠼᠢᠨ ᠲᠠᠷᠢᠵᠤ ᠪᠣᠯᠤᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ᠨᠠᠮᠤᠷ ᠡᠪᠦᠯ ᠤᠨ ᠤᠯᠠᠷᠢᠯ ᠳᠤ᠂ ᠮᠠᠨ ᠤ ᠤᠯᠤᠰ ᠲᠤ ᠪᠡᠭᠡᠵᠢᠩ ᠤᠨ ᠺᠧ | ᠰᠢᠩ ᠠᠮᠢᠳᠤ ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠱᠧᠨᠵᠧᠨ ᠤ ᠰᠠᠶᠢᠨᠤᠹᠢ ᠪᠠᠰᠳ᠋ ᠠᠮᠢᠳᠤ | ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠵᠡᠷᠭᠡ 9 ᠣᠶᠢᠯᠡᠳᠪᠣᠷᠢ ᠲᠠᠭᠰᠢᠭᠤᠷ ᠤᠨ ᠸᠠᠺᠼᠢᠨ ᠬᠠᠩᠭᠠᠨ᠎ᠠ | ᠂ ᠣᠯᠠᠨ ᠢᠶᠠᠷ ᠢᠶᠠᠨ ᠡᠯ᠎ᠡ ᠭᠠᠵᠠᠷ ᠤᠨ ᠲᠤᠰᠬᠠᠶ ᠪᠠᠶᠢᠭᠤᠯᠤᠮᠵᠢ ᠳᠤ ᠬᠦᠷᠴᠦ ᠸᠠᠺᠼᠢᠨ ᠳᠠᠷᠢᠵᠤ ᠪᠣᠯᠤᠨ᠎ᠠ᠃ | http://mongol.people.com.cn/15824781.html |