ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠪᠠᠶᠠᠷ ᠲᠤ ᠣᠯᠠᠨ ᠲᠦᠮᠡᠨ ᠲᠠᠢ ᠬᠠᠶᠢᠷ᠎ᠠ ᠰᠡᠳᠬᠢᠯᠭᠡ ᠪᠠᠨ ᠬᠤᠯᠪᠣᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/27
   ᠣᠳᠣ ᠶᠠᠭ ᠨᠠᠮᠤᠷ ᠤᠨ ᠠᠮᠤ ᠪᠤᠳᠠᠭ᠎ᠠ ᠬᠤᠷᠢᠶᠠᠬᠤ ᠤᠯᠠᠷᠢᠯ ᠪᠣᠯᠵᠤ ᠪᠠᠶᠢᠨ᠎ᠠ᠃ ᠣᠯᠠᠨ ᠲᠦᠮᠡᠨ ᠲᠠᠢ ᠤᠯᠠᠮ ᠨᠢᠭᠡ ᠠᠯᠬᠤᠮ ᠨᠢᠭᠲᠠ ᠬᠠᠷᠢᠯᠴᠠᠬᠤ ᠶᠢᠨ ᠲᠥᠯᠥᠭᠡ᠂ 9 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ 20 ᠭᠠᠷᠤᠶ ᠨᠠᠮ ᠤᠨ ᠭᠡᠰᠢᠭᠦᠨ ᠺᠠᠳ᠋ᠷ ᠲᠡᠳᠬᠦᠨ  ᠲᠡᠮᠵᠢᠭᠰᠡᠨ  ᠮᠠᠩᠬᠠᠨ ᠪᠠᠯᠭᠠᠰᠤᠨ ᠤ ᠴᠢᠶᠠᠨ  ᠳ᠋ᠧ ᠱᠧᠩ ᠲᠣᠰᠬᠤᠨ ᠳᠤ ᠭᠦᠨᠵᠡᠭᠡᠶᠢᠷᠡᠨ ︽ ᠨᠠᠢᠮᠠᠨ ᠰᠠᠷ᠎ᠠ ᠶᠢᠨ ᠠᠷᠪᠠᠨ ᠲᠠᠪᠤᠨ ᠤ  ᠲᠡᠷᠭᠡᠯ ᠪᠠᠶᠠᠷ  ᠲᠤ ᠣᠯᠠᠨ ᠲᠦᠮᠡᠨ ᠲᠠᠢ ᠬᠠᠶᠢᠷ᠎ᠠ ᠰᠡᠳᠬᠢᠯᠭᠡ ᠪᠠᠨ ᠬᠤᠯᠪᠣᠬᠤ︾ ᠭᠤᠤᠯ ᠰᠡᠳᠦᠪᠲᠦ ᠨᠠᠮ ᠤᠨ  ᠡᠳᠦᠷ ᠤᠨ ᠠᠵᠢᠯᠯᠠᠭ᠎ᠠ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠹᠧᠩ ᠱᠤᠸᠠᠩ ᠠᠵᠢᠯᠯᠠᠭ᠎ᠠ ᠳᠤ ᠣᠷᠣᠯᠴᠠᠪᠠ᠃
        ᠨᠠᠮᠤᠷ ᠤᠨ ᠠᠭᠤᠷ ᠠᠮᠢᠰᠬᠤᠯ ᠰᠡᠷᠢᠭᠦᠨ ᠲᠠᠭᠠᠯᠠᠮᠵᠢᠲᠠᠢ  ᠃ ᠶᠠᠳᠠᠭᠤ ᠬᠦᠴᠢᠷᠳᠡᠯᠲᠡᠶ ᠡᠷᠦᠬᠡ ᠶᠠᠩ ᠵᠢᠶᠦ᠋ᠨ ᠰᠢ ᠶᠢᠨ ᠲᠥᠮᠥᠰᠥᠨ ᠤ ᠲᠠᠷᠢᠶᠠᠨ ᠳᠤ᠂ ᠨᠠᠮ ᠤᠨ ᠭᠡᠰᠢᠭᠦᠨ ᠺᠠᠳ᠋ᠷ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠠᠵᠢᠯ ᠢᠶᠠᠨ ᠬᠤᠪᠢᠳᠠᠨ ᠬᠠᠮᠵᠢᠯᠴᠠᠵᠤ᠂ ᠠᠵᠢᠯᠯᠠᠬᠤ ᠡᠷᠴᠢ ᠵᠣᠷᠢᠭ ᠲᠡᠭᠦᠯᠳᠡᠷ ᠪᠠᠶᠢᠵᠤ᠂ ᠠᠷᠴᠢᠭᠤᠷ᠂ ᠲᠠᠷᠢᠶᠠᠨ ᠭᠠᠵᠠᠷ᠂ ᠲᠥᠮᠥᠰᠥ ᠮᠠᠯᠲᠠᠬᠤ᠂ ᠲᠥᠮᠥᠰᠥ ᠲᠡᠭᠦᠬᠦ᠂ ᠤᠭᠤᠲᠠ ᠬᠢᠬᠦ ᠡᠮᠬᠢ ᠵᠢᠷᠤᠮ ᠲᠠᠢ ᠶᠠᠪᠤᠭᠳᠠᠵᠤ  ᠪᠠᠶᠢᠨ᠎ᠠ᠃ ᠡᠯᠪᠡᠭ ᠪᠠᠶᠠᠯᠢᠭ ᠲᠤᠷᠰᠢᠯᠭ᠎ᠠ ᠲᠠᠢ ᠠᠬᠠᠮᠠᠳ ᠨᠥᠬᠦᠳ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭᠠᠳ ᠰᠢᠨ᠎ᠡ ᠨᠥᠬᠦᠳ ᠲᠤ ᠲᠥᠮᠥᠰᠥ ᠮᠠᠯᠲᠠᠬᠤ ᠤᠷ᠎ᠠ ᠳᠡᠮ ᠪᠠ ᠲᠤᠷᠰᠢᠯᠭ᠎ᠠ ᠤᠯᠠᠮᠵᠢᠯᠠᠬᠤ ᠪᠠᠨ ᠮᠠᠷᠲᠠᠬᠤ ᠦᠭᠡᠢ᠂ ᠵᠠᠯᠠᠭᠤ ᠺᠠᠳ᠋ᠷᠴᠤᠳ ᠴᠤ ᠬᠤᠴᠣᠷᠬᠤ ᠳᠤᠷ᠎ᠠ ᠦᠭᠡᠢ᠂ ᠠᠬᠠᠮᠠᠳ ᠨᠥᠬᠦᠳ ᠤᠨ ᠵᠢᠯᠣᠭᠤᠳᠣᠯᠭ᠎ᠠ ᠳᠣᠤᠷ᠎ᠠ ᠳᠠᠳᠮᠠᠭᠠᠶ ᠪᠠᠶᠢᠵᠤ᠂ ᠲᠠᠷᠢᠶᠠᠨ ᠳᠤᠮᠳᠠ ᠮᠠᠰᠢ ᠲᠦᠷᠭᠡᠨ ᠢᠶᠠᠷ ︽ᠬᠥᠭᠡᠭᠡᠵᠦ  ᠭᠦᠢᠴᠡᠬᠦ︾ ᠬᠥᠷ ᠬᠥᠭᠵᠢᠶᠡᠨ ᠲᠠᠢ ᠪᠠᠶᠢᠳᠠᠯ ᠪᠣᠶ ᠪᠣᠯᠪᠠ᠃ ᠵᠢᠭᠠᠬᠠᠨ ᠠᠮᠠᠷᠠᠵᠤ ᠪᠠᠶᠢᠭ᠎ᠠ ᠺᠠᠳ᠋ᠷ ᠬᠠᠵᠠᠭᠤ ᠳᠤ ᠬᠦᠴᠦ ᠨᠡᠮᠡᠵᠦ᠂ ᠬᠠᠳᠤᠵᠤ ᠬᠤᠷᠢᠶᠠᠭᠰᠠᠨ ᠨᠥᠬᠦᠳ ᠪᠠᠶᠢᠯᠳᠤᠬᠤ ᠲᠤᠲᠤᠮ ᠡᠷᠡᠯᠬᠡᠭ ᠪᠠᠭᠠᠲᠤᠷᠯᠢᠭ ᠪᠣᠯᠵᠤ᠂ ᠶᠠᠳᠠᠭᠤ ᠬᠦᠴᠢᠷᠳᠡᠯᠲᠡᠶ ᠡᠷᠦᠬᠡ ᠴᠦ ᠪᠤᠴᠠᠯᠤᠭᠰᠠᠨ ᠤᠰᠤ ᠠᠪᠴᠢᠷᠠᠵᠤ ᠥᠭᠬᠦ ᠪᠠᠨ ᠮᠠᠷᠲᠠᠬᠤ ᠦᠭᠡᠢ ᠪᠠᠶᠢᠯ᠎ᠠ  ᠂ ᠬᠠᠴᠠᠷ ᠳᠡᠭᠡᠷ᠎ᠡ ᠨᠢ ᠲᠠᠯᠠᠷᠬᠠᠬᠤ ᠢᠨᠢᠶᠡᠮᠰᠦᠭᠯᠡᠯ ᠢᠶᠠᠷ ᠪᠢᠯᠬᠠᠨ᠎ᠠ᠃ ᠣᠬᠤᠷᠬᠠᠨ ᠬᠡᠳᠦᠨ ᠴᠠᠭ ᠤᠨ ᠳᠣᠲᠣᠷ᠎ᠠ ᠤᠷᠢᠳᠴᠢᠯᠠᠨ ᠲᠣᠭᠲᠠᠭᠠᠭᠰᠠᠨ ᠨᠠᠮᠤᠷ ᠤᠨ ᠬᠤᠷᠢᠶᠠᠯᠲᠠ ᠶᠢᠨ ᠡᠭᠦᠷᠭᠡ ᠪᠠᠨ ᠪᠡᠶᠡᠯᠡᠭᠦᠯᠵᠦ᠂ ᠬᠠᠳᠤᠵᠤ ᠳᠠᠭᠤᠰᠬᠠᠭᠰᠠᠨ ᠲᠥᠮᠥᠰᠥᠨ ᠤ ᠲᠠᠷᠢᠶ᠎ᠠ ᠶᠢ ᠬᠠᠷᠠᠭᠠᠳ᠂ ᠪᠤᠢ ᠪᠦᠬᠦᠢ ᠨᠠᠮ ᠤᠨ ᠭᠡᠰᠢᠭᠦᠨ ᠺᠠᠳ᠋ᠷᠴᠤᠳ ᠴᠥᠮ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠠ ᠬᠥᠳᠡᠯᠮᠦᠷᠢ ᠶᠢᠨ ᠠᠪᠴᠢᠷᠠᠭᠰᠠᠨ ᠪᠠᠶᠠᠷ ᠪᠠᠭ᠋ᠠᠳᠤᠯ ᠢ ᠣᠯᠵᠤ  ᠮᠡᠳᠡᠪᠡ᠃
      ᠡᠨᠡ ᠤᠳᠠᠭᠠᠨ ᠤ ᠬᠠᠯᠠᠭᠤᠮᠰᠤᠭ  ᠂ ᠣᠯᠠᠨ ᠲᠦᠮᠡᠨ ᠲᠠᠢ ᠬᠠᠷᠢᠯᠴᠠᠬᠤ ᠭᠤᠤᠯ ᠰᠡᠳᠦᠪᠲᠦ ᠨᠠᠮ ᠤᠨ ᠡᠳᠦᠷ ᠤᠨ  ᠠᠵᠢᠯᠯᠠᠭ᠎ᠠ ᠥᠷᠨᠢᠭᠦᠯᠬᠦ ᠪᠠᠷ ᠳᠠᠮᠵᠢᠨ ᠨᠠᠮ ᠤᠨ ᠭᠡᠰᠢᠭᠦᠨ ᠺᠠᠳ᠋ᠷ ᠤᠨ ᠲᠡᠰᠪᠦᠷᠢ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠪᠠ ᠠᠮᠤ ᠪᠤᠳᠠᠭ᠎ᠠ ᠶᠢ ᠠᠷᠪᠢᠯᠠᠬᠤ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠡᠶ᠃     ᠣᠯᠠᠨ ᠢᠶᠠᠷ ᠢᠶᠠᠨ ᠢᠯᠡᠷᠬᠡᠶᠢᠯᠡᠭᠰᠡᠨ ᠨᠢ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ᠂ ᠠᠷᠪᠢᠯᠠᠨ ᠭᠠᠮᠨᠠᠵᠤ ᠪᠦᠷᠢᠯᠭᠡᠨ  ᠰᠤᠶᠢᠳᠭᠡᠬᠦ ᠶᠢ ᠡᠰᠡᠷᠭᠦᠴᠡᠬᠦ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠡᠳᠦᠷ ᠲᠤᠲᠤᠮ ᠤᠨ ᠡᠳᠦᠷ ᠠᠴᠠ ᠡᠬᠢᠯᠡᠨ᠂ ᠨᠠᠷᠢᠨ ᠵᠤᠶᠢᠯ ᠠᠴᠠ ᠡᠬᠢᠯᠡᠨ ᠬᠢᠵᠦ᠂ ᠳᠡᠷᠭᠡᠳᠡᠬᠢ ᠬᠥᠮᠦᠰ ᠢᠶᠠᠨ ᠨᠥᠯᠥᠭᠡᠯᠡᠬᠦ ᠠᠴᠠ ᠡᠬᠢᠯᠡᠨ ᠬᠢᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠱᠠᠯᠢᠨ ᠪᠦᠷᠢᠯᠭᠡᠬᠦ ᠶᠢ ᠲᠡᠪᠴᠢᠬᠦ ᠬᠡᠷᠡᠭᠲᠡᠶ᠃ ᠡᠭᠦᠨ ᠤ ᠳᠤ ᠬᠠᠮᠲᠤ ᠪᠠᠰᠠ ᠺᠠᠳ᠋ᠷ ᠤᠨ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠪᠦᠯᠬᠦᠮ ᠨᠡᠶᠢᠲᠡ ᠶᠢᠨ ᠤᠬᠠᠮᠰᠠᠷ ᠢᠶᠠᠨ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ  ᠤᠯᠤᠨ᠎ᠠ ᠭᠡᠪᠡ᠃
          ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠯᠢ ᠹᠧᠩ ᠱᠤᠸᠠᠩ ᠨᠠᠮ ᠤᠨ ᠭᠡᠰᠢᠭᠦᠨ ᠺᠠᠳ᠋ᠷᠴᠤᠳ ᠢᠶᠠᠨ ᠳᠠᠭᠠᠭᠤᠯᠤᠨ ᠪᠠᠰᠠ ᠴᠢᠶᠠᠨ  ᠳ᠋ᠧ ᠱᠧᠩ ᠲᠣᠰᠬᠤᠨ ᠪᠠ ᠰᠢᠶᠤᠤ ᠪᠠ ᠲᠠᠨ ᠲᠣᠰᠬᠤᠨ ᠳᠤ ᠭᠦᠨᠵᠡᠭᠡᠶᠢᠷᠡᠨ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ 58 ᠶᠠᠳᠠᠭᠤ ᠬᠦᠴᠢᠷᠳᠡᠯᠲᠡᠶ ᠡᠷᠦᠬᠡ ᠳᠤ  ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠠᠴᠠ ᠡᠮᠦᠨ᠎ᠡ ᠲᠣᠬᠤᠨᠢᠭᠤᠯᠪᠠ᠃ ᠡᠷᠦᠬᠡ ᠪᠦᠷᠢ ᠳᠤ ᠯᠢ ᠹᠧᠩ ᠱᠤᠸᠠᠩ ᠬᠦᠴᠢᠷᠳᠡᠯᠲᠡᠶ ᠭᠡᠷ ᠪᠦᠯᠢ ᠲᠠᠢ ᠳᠣᠲᠣᠨᠣ ᠪᠠᠷ ᠶᠠᠷᠢᠯᠴᠠᠵᠤ ᠲᠡᠳᠡᠨ ᠤ ᠠᠮᠢᠳᠤᠷᠠᠯ ᠤᠨ ᠶᠢᠨ ᠪᠠᠶᠢᠳᠠᠯ ᠢ ᠣᠶᠢᠯᠠᠭᠠᠵᠠᠶ᠃ ᠲᠡᠳᠡᠨ ᠳᠤ ᠲᠤᠯᠭᠠᠷᠠᠭᠰᠠᠨ ᠬᠦᠴᠢᠷᠳᠡᠯ ᠢ ᠨᠢ ᠠᠰᠠᠭᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠪᠰᠤᠷᠤᠨ ᠲᠡᠳᠬᠦᠬᠦ ᠺᠠᠳ᠋ᠷ ᠲᠠᠢ ᠬᠠᠮᠲᠤᠪᠠᠷ ᠴᠢᠷᠮᠠᠶᠢᠵᠤ᠂ ᠬᠦᠴᠢᠷᠳᠡᠯ ᠢ ᠢᠯᠠᠨ ᠳᠠᠪᠠᠭᠰᠠᠨ ᠪᠥᠭᠡᠳ  ᠲᠤᠬᠤᠨᠢᠭᠤᠯᠬᠤ ᠤᠨ ᠪᠣᠳᠠᠰ ᠪᠣᠯᠤᠨ ᠴᠢᠩ ᠰᠡᠳᠬᠢᠯ ᠤᠨ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃                       ᠰᠤᠷᠪᠤᠯᠵᠢᠯᠠᠭᠴᠢ᠄ ᠱᠠᠩ ᠶᠦᠨ ᠰᠢᠶᠠ   ᠴᠧᠨ ᠶᠦᠨ                       ᠨᠠᠶᠢᠷᠠᠭᠤᠯᠤᠭᠴᠢ᠄ ᠭᠦᠸᠧ ᠬᠤᠩ ᠰᠢᠶᠠ   ᠡᠤ ᠬᠤᠩ ᠰᠢᠶᠠ                       ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2