ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠭᠤᠴᠠᠭᠠᠨ ᠳᠠᠬᠢ | ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ | ᠲᠥᠯᠥᠭᠡ᠂ 9 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ ᠴᠢᠩ ᠬᠡᠲᠦ ᠳᠡᠯᠭᠡᠭᠦᠷ᠂ ᠲᠠᠷᠢᠶᠠᠯᠠᠩ ᠠᠷᠠᠯᠵᠢᠶᠠᠨ ᠤ ᠵᠠᠬ᠎ᠠ | ᠳᠡᠯᠭᠡᠭᠦᠷ ᠲᠤ ᠭᠦᠨᠵᠡᠭᠡᠶᠢᠷᠡᠨ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠠᠩᠭᠠᠯᠭ᠎ᠠ᠂ ᠢᠳᠡᠭᠡᠨ ᠤ | ᠠᠮᠤᠷ ᠲᠦᠪᠰᠢᠨ ᠵᠢᠴᠢ ᠠᠶᠤᠯᠭᠦᠶ ᠤᠶᠢᠯᠡᠳᠪᠤᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ | | | | | ᠢᠦᠢ ᠳ᠋ᠠᠶ ᠴᠢᠩ ᠨᠡᠷ ᠤᠷᠢᠳ ᠬᠤᠵᠢᠳ ᠶᠢᠨ ᠳ᠋ᠧ ᠯᠦᠩ ᠬᠡᠲᠦ ᠳᠡᠯᠭᠡᠭᠦᠷ ᠪᠣᠯᠤᠨ ᠸᠠᠨ ᠵᠢᠶᠠ ᠧᠨ ᠨᠦᠩ | ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠦ᠂ ᠬᠡᠲᠦ ᠳᠡᠯᠭᠡᠭᠦᠷ ᠤᠨ ᠪᠠᠷᠠᠭ᠎ᠠ ᠶᠢᠨ | ᠢᠷᠡᠯᠲᠡ᠂ ᠣᠷᠣᠭᠤᠯᠵᠤ ᠪᠣᠷᠣᠯᠠᠭᠤᠯᠬᠤ ᠪᠠᠷᠠᠭ᠎ᠠ ᠶᠢᠨ ᠠᠷᠭ᠎ᠠ ᠵᠠᠮ᠂ ᠢᠳᠡᠭᠡᠨ ᠤ ᠠᠮᠤᠷ ᠲᠦᠪᠰᠢᠨ ᠤ ᠡᠳᠦᠷ | ᠲᠤᠲᠤᠮ ᠤᠨ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠡᠲᠦ | ᠳᠡᠯᠭᠡᠭᠦᠷ ᠤᠨ ᠠᠵᠢᠯᠲᠠᠳ ᠠᠴᠠ ᠵᠠᠬ᠎ᠠ ᠳᠡᠯᠭᠡᠭᠦᠷ ᠤᠨ ᠳᠣᠲᠣᠷᠠᠬᠢ ᠢᠳᠡᠰᠢᠨ ᠨᠣᠭᠤᠭ᠎ᠠ᠂ ᠮᠢᠬᠠᠨ ᠤ ᠲᠥᠷᠥᠯ᠂ | ᠵᠢᠭᠦᠷᠲᠡᠨ ᠤ ᠥᠨᠳᠡᠭᠡ ᠶᠢᠨ ᠲᠥᠷᠥᠯ ᠵᠡᠷᠭᠡ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠦᠨ᠎ᠡ | ᠬᠠᠩᠰᠢ᠂ ᠬᠠᠩᠭᠠᠯᠭ᠎ᠠ ᠶᠢᠨ ᠪᠠᠶᠢᠳᠠᠯ ᠢ ᠯᠠᠪᠯᠠᠨ ᠠᠰᠠᠭᠤᠵᠤ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ | ᠠᠪᠬᠤ᠂ ᠠᠵᠢᠯᠯᠠᠬᠤ ᠶᠠᠪᠤᠴᠠ ᠶᠢᠨ ᠬᠠᠮᠢᠶᠠᠷᠤᠯᠲᠠ ᠪᠣᠯᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠡᠷᠭᠡ | ᠳᠦᠷᠢᠮ ᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠤᠶᠢᠯᠡᠭᠠᠪᠠ᠃ | | | | | ᠢᠦᠢ ᠳ᠋ᠠᠶ ᠴᠢᠩ ᠵᠢᠭᠠᠵᠤ ᠭᠠᠷᠭᠠᠭᠰᠠᠨ ᠨᠢ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠪᠠᠶᠠᠷ᠂ | ᠤᠯᠤᠰ ᠤᠨ ᠪᠠᠶᠠᠷ ᠤᠨ ᠬᠤᠭᠤᠴᠠᠭᠠᠨ ᠳᠤ᠂ ᠬᠡᠲᠦ ᠳᠡᠯᠭᠡᠭᠦᠷ ᠤᠨ ᠬᠡᠷᠡᠭᠯᠡᠭᠡᠨ ᠤ ᠬᠡᠮᠵᠢᠶ᠎ᠡ ᠶᠡᠭᠡ᠂ ᠬᠥᠮᠦᠨ ᠣᠯᠠᠨ | ᠬᠤᠷᠠᠵᠤ ᠪᠠᠶᠢᠭ᠎ᠠ ᠪᠣᠯᠬᠤᠷ ᠢᠳᠡᠭᠡᠨ ᠡᠵᠡᠩᠨᠡᠭᠴᠢ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠠᠮᠢᠶ᠎ᠠ ᠪᠦᠬᠦᠢ ᠠᠷᠭ᠎ᠠ | ᠬᠡᠮᠵᠢᠶ᠎ᠡ ᠶᠢ ᠴᠢᠩᠭ᠎ᠠ ᠠᠳᠬᠤᠬᠤ ᠬᠡᠷᠡᠭᠲᠡᠶ᠃ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠬᠠᠮᠢᠶᠠᠷᠤᠯᠲᠠ᠂ ᠢᠳᠡᠭᠡᠨ | ᠣᠷᠣᠭᠤᠯᠵᠤ ᠪᠣᠷᠣᠯᠠᠭᠤᠯᠬᠤ ᠡᠬᠡ ᠳᠠᠩᠰᠠ ᠶᠢᠨ ᠲᠡᠮᠳᠡᠭᠯᠡᠯ᠂ ᠭᠡᠷᠡᠴᠢ ᠪᠠᠷᠢᠮᠲᠠ ᠪᠠᠷᠢᠮᠲᠠ ᠠᠪᠬᠤ ᠵᠡᠷᠭᠡ ᠬᠠᠮᠢᠶ᠎ᠠ | ᠪᠦᠬᠦᠢ ᠳᠦᠷᠢᠮ ᠢ ᠬᠢᠨᠠᠮᠠᠭᠠᠶ ᠬᠡᠷᠡᠭᠵᠢᠭᠦᠯᠵᠦ᠂ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠤᠶᠠᠷ | ᠪᠠᠶᠠᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ ᠭᠡᠪᠡ᠃ | | | | | | | | ᠢᠦᠢ ᠳ᠋ᠠᠶ ᠴᠢᠩ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠦᠵᠡᠯ | ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ ᠡᠯ᠎ᠡ ᠵᠤᠶᠢᠯ ᠤᠨ | ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠬᠢᠵᠠᠭᠠᠷᠯᠠᠵᠤ᠂ ᠪᠦᠬᠦ ᠰᠢᠶᠠᠨ ᠤ ᠠᠷᠠᠳ ᠲᠦᠮᠡᠨ ᠢ | ᠰᠠᠨᠠᠭ᠎ᠠ ᠠᠮᠤᠷ ᠢᠳᠡᠭᠦᠯᠬᠦ ᠬᠡᠷᠡᠭᠲᠡᠶ᠃ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠡᠲᠦ | ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠠᠷᠢᠭᠤᠨ ᠴᠡᠪᠡᠷ ᠤᠨ ᠮᠤᠬᠤᠷ ᠢ ᠲᠦᠢᠯᠪᠤᠷᠢᠲᠠᠶ ᠴᠡᠪᠡᠷᠯᠡᠵᠦ᠂ | ᠡᠷᠦᠶ ᠬᠤᠷᠤᠶ ᠦᠭᠡᠢ ᠶᠠᠭᠤᠮ᠎ᠠ ᠣᠪᠣᠭᠠᠯᠠᠬᠤ᠂ ᠬᠤᠭ ᠨᠣᠪᠰᠢ ᠬᠠᠶᠠᠬᠤ᠂ ᠳᠤᠷ᠎ᠠ ᠪᠠᠷ ᠢᠶᠠᠨ ᠵᠣᠭᠰᠣᠭᠠᠵᠤ | ᠳᠤᠷ᠎ᠠ ᠪᠠᠷ ᠢᠶᠠᠨ ᠲᠠᠯᠪᠢᠬᠤ ᠵᠡᠷᠭᠡ ᠦᠵᠡᠭᠳᠡᠯ ᠢ ᠪᠦᠲᠦᠮᠵᠢᠲᠡᠶ ᠴᠡᠭᠴᠡᠯᠡᠨ ᠵᠠᠰᠠᠵᠤ᠂ ᠣᠯᠠᠨ ᠲᠦᠮᠡᠨ ᠳᠤ ᠴᠡᠪᠡᠷ | ᠴᠡᠮᠴᠡᠭᠡᠷ᠂ ᠠᠷᠢᠭᠤᠨ ᠴᠡᠪᠡᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠶ | ᠃ ᠡᠭᠦᠨ ᠤ ᠬᠠᠮᠲᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠬᠤᠶᠠᠷ ᠪᠠᠶᠠᠷ ᠤᠨ | ᠬᠤᠭᠤᠴᠠᠭᠠᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠶᠢᠲᠤᠷ ᠬᠠᠮᠠᠭᠠᠯᠠᠵᠤ᠂ ᠪᠦᠬᠦ ᠰᠢᠶᠠᠨ ᠤ ᠢᠳᠡᠭᠡᠨ ᠤ | ᠤᠶᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠣᠯᠠᠨ ᠲᠦᠮᠡᠨ ᠤ ᠬᠠᠨᠤᠮᠵᠢᠲᠤ ᠬᠡᠮᠵᠢᠶ᠎ᠡ | ᠪᠣᠯᠤᠨ ᠬᠦᠷᠲᠡᠭᠡᠮᠵᠢ ᠶᠢᠨ ᠲᠥᠷᠥᠭᠳᠡᠯ ᠢ ᠲᠡᠭᠡᠭᠰᠢᠯᠡᠭᠦᠯᠵᠦ᠂ ᠣᠯᠠᠨ ᠲᠦᠮᠡᠨ ᠤ ᠪᠠᠶᠠᠷ ᠬᠥᠷ ᠲᠠᠢ ᠢᠶᠠᠷ | ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠳᠤᠯᠠᠬᠤ ᠬᠡᠷᠡᠭᠲᠡᠶ ᠭᠡᠵᠡᠶ᠃ | | | | ᠰᠤᠷᠪᠤᠯᠵᠢᠯᠠᠭᠴᠢ᠄ ᠴᠧᠨ ᠶᠦᠨ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |