ᠡᠾᠦ᠋ᠩ ᠶᠤᠸᠠᠨ ᠳᠤᠮᠳᠠᠳᠤ ᠰᠤᠷᠭᠠᠭᠤᠯᠢ᠄ ᠶᠠᠰᠤ ᠴᠢᠨᠠᠷ ᠢᠶᠠᠷ ᠭᠠᠷᠳᠠᠴᠠ ᠪᠣᠯᠭᠠᠵᠤ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠭᠤᠯᠢ  ᠶᠢ ᠡᠷᠬᠢᠯᠡᠨ᠎ᠠ
ᠨᠡᠶᠢᠲᠡᠯᠡᠭᠰᠡᠨ ᠴᠠᠭ᠄
2020/9/3
    ᠠᠯᠲᠠᠨ ᠨᠠᠮᠤᠷ ᠤᠨ ᠶᠢᠰᠦᠨ ᠰᠠᠷ᠎ᠠ᠂ ᠤᠯᠠᠭᠠᠨ ᠭᠠᠪᠢᠷ᠎ᠠ ᠶᠢᠨ ᠠᠩᠬᠢᠯᠤᠮ᠎ᠠ ᠦᠨᠦᠷ ᠬᠠᠩᠬᠤᠯᠤᠨ᠎ᠠ᠃ ᠤᠷᠳᠤ ᠵᠤᠨ ᠤ ᠠᠮᠠᠷᠠᠯᠲᠠ ᠶᠢ ᠦᠳᠡᠨ ᠮᠤᠷᠳᠠᠭᠤᠯᠵᠤ ᠮᠠᠨ ᠤ ᠰᠢᠶᠠᠨ ᠤ ᠡᠯ᠎ᠡ ᠰᠤᠷᠭᠠᠭᠤᠯᠢ ᠥᠭᠡᠷ᠎ᠡ ᠰᠢᠨ᠎ᠡ ᠮᠠᠶ᠋ᠢᠭ ᠤᠨ ᠰᠤᠷᠭᠠᠭᠤᠯᠢ ᠡᠬᠢᠯᠡᠬᠦ ᠶᠣᠰᠣᠯᠠᠯ ᠢᠶᠠᠷ ᠬᠠᠮᠲᠤ ᠰᠤᠷᠤᠯᠭᠠᠲᠠᠨ ᠢᠶᠠᠨ ᠤᠭᠲᠤᠪᠠ᠃  ᠡᠾᠦ᠋ᠩ ᠶᠤᠸᠠᠨ ᠳᠤᠮᠳᠠᠳᠤ ᠰᠤᠷᠭᠠᠭᠤᠯᠢ ᠪᠦᠬᠦ ᠰᠢᠶᠠᠨ ᠤ ᠪᠤᠰᠤᠳ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ  ᠴᠡᠴᠡᠷᠯᠢᠭ ᠲᠠᠢ ᠠᠳᠠᠯᠢ ᠰᠤᠷᠭᠠᠭᠤᠯᠢ ᠡᠬᠢᠯᠡᠬᠦ ᠤᠯᠠᠷᠢᠯ ᠢᠶᠠᠨ ᠤᠭᠲᠤᠨ ᠠᠪᠴᠢᠷᠠᠵᠠᠶ᠃ ᠨᠠᠮ ᠵᠢᠮ ᠰᠤᠷᠭᠠᠭᠤᠯᠢ ᠶᠢᠨ ᠬᠦᠷᠢᠶ᠎ᠡ ᠪᠠᠰᠠ ᠬᠥᠷ ᠬᠥᠭᠵᠢᠶᠡᠨ ᠲᠠᠢ ᠪᠣᠯᠪᠠ᠃
        9 ᠰᠠᠷ᠎ᠠ ᠶᠢᠨ 1 ᠤ ᠡᠳᠦᠷ᠂ ᠰᠤᠷᠪᠤᠯᠵᠢᠯᠠᠭᠴᠢ ᠠᠷᠠᠳ ᠠᠴᠠ ᠡᠷᠬᠢᠯᠡᠭᠰᠡᠨ ᠡᠾᠦ᠋ᠩ ᠶᠤᠸᠠᠨ ᠳᠤᠮᠳᠠᠳᠤ ᠰᠤᠷᠭᠠᠭᠤᠯᠢ ᠶᠢᠨ ᠲᠤᠯᠤᠭ᠎ᠠ ᠬᠤᠶᠠᠳᠤᠭᠠᠷ ᠠᠩᠭᠢ ᠶᠢᠨ ᠬᠢᠴᠢᠶᠡᠯ ᠤᠨ ᠭᠡᠷ ᠲᠤ ᠣᠷᠣᠵᠤ᠂ ᠬᠡᠳᠦ᠋ᠢᠪᠡᠷ ᠰᠢᠨ᠎ᠡ ᠪᠠᠭᠰᠢ᠂ ᠰᠢᠨ᠎ᠡ ᠰᠤᠷᠤᠭᠴᠢ ᠪᠣᠯᠪᠠᠴᠤ  ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ ᠪᠠᠭᠰᠢ ᠨᠢ ᠶᠡᠭᠡ ᠳᠠᠭᠤ ᠲᠠᠢ ᠶᠠᠷᠢᠵᠤ ᠪᠠᠶᠢᠯ᠎ᠠ᠃ ᠰᠤᠷᠤᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠰᠣᠨᠣᠰᠴᠤ᠂ ᠵᠢᠭᠠᠨ ᠰᠤᠷᠭᠠᠯᠲᠠ ᠶᠢᠨ ᠠᠬᠢᠴᠠ ᠰᠤᠨᠵᠢᠷᠠᠵᠤ᠂ ᠭᠤᠣᠯᠳᠠᠯᠭ᠎ᠠ ᠪᠠ ᠬᠦᠴᠢᠷ ᠠᠰᠠᠭᠤᠳᠠᠯ ᠢ ᠨᠢᠭᠡᠳ ᠨᠢᠭᠡ ᠪᠠᠷ ᠰᠢᠪᠲᠤᠯᠵᠤ᠂ ᠨᠡᠯᠢᠶᠡᠳ ᠬᠦᠴᠢᠷ ᠠᠩᠭ᠍ᠯᠢ ᠬᠡᠯᠡᠨ ᠤ ᠬᠢᠴᠢᠶᠡᠯ  ᠡᠶᠢᠮᠦ ᠳᠥᠭᠦᠮᠬᠡᠨ᠂ ᠰᠤᠷᠤᠭᠴᠢᠳ ᠪᠠᠶᠠᠷ ᠬᠥᠷ ᠲᠠᠢ ᠪᠠᠷ  ᠮᠡᠳᠡᠯᠭᠡ ᠶᠢ ᠡᠵᠡᠮᠰᠢᠵᠡᠢ᠃
         ᠠᠩᠭ᠍ᠯᠢ ᠬᠡᠯᠡᠨ ᠤ ᠪᠠᠭᠰᠢ ᠴᠧᠩ ᠵᠢᠶᠠ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠂ ᠪᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠢᠨ‌ᠠᠩᠭ᠍ᠯᠢ ᠬᠡᠯᠡᠨ ᠤ ᠲᠤᠰᠬᠠᠢ ᠮᠡᠷᠭᠡᠵᠢᠯ ᠠᠴᠠ ᠲᠡᠭᠦᠰᠦᠭᠰᠡᠨ ᠤ ᠳᠠᠷᠠᠭ᠎ᠠ᠂ ᠪᠥᠸᠧ ᠰᠧ ᠶᠠ ᠭᠠᠳᠠᠭᠠᠳᠤ ᠬᠡᠯᠡᠨ ᠤ ᠪᠣᠯᠪᠠᠰᠤᠷᠠᠯ ᠤᠨ ᠰᠤᠷᠭᠠᠭᠤᠯᠢ ᠳᠤ ᠭᠤᠷᠪᠠᠨ ᠵᠢᠯ ᠪᠠᠭᠰᠢᠯᠠᠪᠠ᠃ ᠡᠨᠡ ᠬᠤᠭᠤᠴᠠᠭ᠎ᠠ ᠪᠢ ᠡᠾᠦ᠋ᠩ ᠶᠤᠸᠠᠨ ᠳᠤᠮᠳᠠᠳᠤ ᠰᠤᠷᠭᠠᠭᠤᠯᠢ ᠳᠤ ᠠᠩᠭ᠍ᠯᠢ ᠬᠡᠯᠡᠨ ᠤ ᠪᠠᠭᠰᠢ ᠪᠠᠷ ᠤᠷᠢᠭᠳᠠᠪᠠ᠃ ᠲᠤᠷᠰᠢᠨ ᠶᠠᠷᠢᠬᠤ ᠦᠶ᠎ᠡ ᠳᠤ ᠶᠠᠭ ᠰᠠᠶᠢᠬᠠᠨ ᠣᠷᠣᠢ ᠶᠢᠨ ᠳᠠᠪᠲᠠᠯᠭ᠎ᠠ ᠪᠠᠶᠢᠵᠤ᠂ ᠰᠤᠷᠭᠠᠭᠤᠯᠢ ᠶᠢᠨ ᠬᠦᠷᠢᠶᠡᠨ ᠳᠤ ᠣᠷᠣᠮᠠᠭᠴᠠ ᠬᠡᠦᠬᠡᠳ ᠤᠨ ᠤᠷᠠᠨ ᠲᠣᠳᠣ ᠨᠣᠮ ᠤᠩᠰᠢᠬᠤ ᠳᠠᠭᠤᠨ ᠳᠤ ᠲᠠᠲᠠᠭᠳᠠᠳᠠᠭ᠃ ᠠᠳᠡ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠥᠭᠵᠢᠶᠡᠨ ᠲᠠᠢ᠂ ᠵᠢᠭᠠᠨ ᠰᠤᠷᠭᠠᠯᠲᠠ ᠡᠮᠬᠢ ᠴᠡᠭᠴᠡ ᠲᠠᠢ᠂ ᠪᠢ ᠡᠨᠡ ᠰᠤᠷᠭᠠᠭᠤᠯᠢ ᠶᠢ ᠮᠠᠰᠢ ᠲᠣᠭᠤᠨ᠎ᠠ᠃ ᠰᠢᠨ᠎ᠡ ᠰᠤᠷᠤᠯᠭ᠎ᠠ ᠶᠢᠨ ᠬᠤᠭᠤᠴᠠᠭᠠᠨ ᠳᠤ᠂ ᠪᠢ ᠲᠤᠬᠠᠶᠢᠯᠠᠭᠰᠠᠨ ᠠᠵᠢᠯ ᠢᠶᠠᠨ ᠴᠢᠷᠮᠠᠶᠢᠨ ᠰᠤᠳᠤᠯᠵᠤ᠂ ᠠᠵᠢᠯᠴᠢ ᠬᠢᠴᠢᠶᠡᠩᠭᠦᠶ ᠪᠠᠷ ᠪᠢᠴᠢᠭ ᠵᠢᠭᠠᠵᠤ ᠬᠥᠮᠦᠨ ᠢ ᠬᠥᠮᠦᠵᠢᠭᠦᠯᠵᠦ᠂ ᠵᠢᠭᠠᠨ ᠰᠤᠷᠭᠠᠬᠤ ᠶᠠᠰᠤ ᠴᠢᠨᠠᠷ  ᠢ ᠦᠨᠡᠨᠬᠦ  ᠲᠡᠭᠡᠭᠰᠢᠯᠡᠭᠦᠯᠵᠦ᠂ ᠬᠡᠤᠬᠡᠳ ᠤᠨ ᠳᠤᠷᠠᠲᠠᠶ᠂ ᠭᠡᠷ ᠤᠨ ᠠᠬᠠᠮᠠᠳ ᠨᠢ ᠮᠡᠳᠡᠷᠡᠭᠰᠡᠨ ᠠᠩᠭ᠍ᠯᠢ ᠬᠡᠯᠡᠨ ᠤ  ᠪᠠᠭᠰᠢ ᠪᠣᠯᠤᠨ᠎ᠠ᠃
          ᠡᠾᠦ᠋ᠩ ᠶᠤᠸᠠᠨ ᠳᠤᠮᠳᠠᠳᠤ ᠰᠤᠷᠭᠠᠭᠤᠯᠢ ᠪᠣᠯ ᠯᠢᠶᠠᠩᠴᠧᠩ ᠰᠢᠶᠠᠨ ᠤ ᠠᠷᠠᠳ ᠠᠴᠠ ᠡᠷᠬᠢᠯᠡᠭᠰᠡᠨ ᠪᠠᠶᠢᠷᠢᠯᠠᠬᠤ ᠳᠦᠷᠢᠮᠲᠦ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠨ᠎ᠠ᠂ ᠪᠠᠰᠠ ᠴᠤ ᠥᠪᠥᠷ ᠮᠣᠩᠭᠤᠯ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠨᠡᠶᠢᠭᠡᠮᠯᠢᠭ ᠤᠨ ᠬᠡᠷᠡᠭ ᠡᠷᠬᠢᠯᠡᠬᠦ ᠨᠢᠭᠡᠴᠢ ᠪᠣᠯᠤᠨ᠎ᠠ᠃ 2007 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠲᠡᠮᠵᠢᠯᠭᠡ ᠳᠣᠣᠷ᠎ᠠ᠂ ︽ᠤᠷᠢᠳᠠᠪᠠᠷ ᠬᠥᠮᠦᠨ ᠬᠥᠮᠦᠵᠢᠭᠦᠯᠵᠦ ᠳᠠᠷᠠᠭ᠎ᠠ ᠨᠢ ᠪᠢᠴᠢᠭ ᠵᠢᠭᠠᠬᠤ᠂ ᠤᠷᠢᠳᠠᠪᠠᠷ ᠶᠣᠰᠣ ᠰᠤᠷᠲᠠᠬᠤᠨ ᠲᠠᠢ ᠪᠣᠯ ᠳᠠᠷᠠᠭ᠎ᠠ ᠨᠢ ᠮᠡᠳᠡᠯᠭᠡ ᠰᠤᠷᠬᠤ᠂ ᠤᠷᠢᠳᠠᠪᠠᠷ ᠰᠤᠷᠴᠤ ᠳᠠᠷᠠᠭ᠎ᠠ ᠨᠢ ᠰᠤᠷᠤᠯᠴᠠᠬᠤ︾ ᠰᠤᠷᠭᠠᠭᠤᠯᠢ ᠡᠷᠬᠢᠯᠡᠬᠦ  ᠤᠶᠢᠯᠠᠭᠠᠭᠳᠠᠬᠤᠨ ᠢ ᠪᠠᠷᠢᠮᠲᠠᠯᠠᠵᠤ᠂ ᠱᠠᠨ ᠰᠢ ᠶᠢᠨ ᠬᠤᠸᠠᠢ ᠷᠧᠨ ᠤ ᠲᠡᠷᠢᠭᠦᠨ ᠤ ᠬᠠᠮᠢᠶᠠᠷᠤᠯᠲᠠ ᠶᠢᠨ ᠵᠠᠭᠪᠤᠷ  ᠢ ᠣᠷᠣᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠪᠦᠲᠦᠮᠵᠢ ᠢᠯᠡᠳᠲᠡ ᠪᠣᠯᠪᠠ᠃ 2017 ᠣᠨ ᠠᠴᠠ 2019  ᠤᠨ ᠪᠣᠯᠲᠠᠯ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠤᠯᠠᠭᠠᠨᠴᠠᠪ ᠬᠤᠲᠠ ᠶᠢᠨ  ᠲᠠᠪᠤᠳᠤᠭᠠᠷ ᠲᠤ ᠣᠷᠣᠵᠤ᠂ ᠡᠨᠡ ᠵᠢᠯ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠪᠠᠰᠠ  ᠰᠢᠯᠢᠳᠡᠭ ᠬᠢᠷᠢ ᠪᠦᠲᠦᠮᠵᠢ ᠣᠯᠵᠠᠶ ᠃ ᠰᠢᠯᠭᠠᠯᠲᠠ ᠳᠤ ᠣᠷᠣᠯᠴᠠᠭᠰᠠᠨ 174 ᠰᠢᠯᠭᠠᠭᠤᠯᠤᠭᠴᠢ ᠪᠦᠬᠦᠨ ᠢᠶᠠᠷ ᠢᠶᠠᠨ ᠥᠨᠳᠥᠷ ᠳᠤᠮᠳᠠᠳᠤ ᠳᠤ ᠳᠠᠪᠰᠢᠨ ᠣᠷᠣᠵᠤ᠂ ᠰᠤᠷᠭᠠᠭᠤᠯᠢ ᠳᠠᠪᠰᠢᠭᠰᠠᠨ ᠨᠣᠷᠮ᠎ᠠ ᠨᠢ ᠵᠠᠭᠤᠨ ᠤ ᠵᠠᠭᠤ ᠳᠤ ᠬᠦᠷᠴᠡᠶ᠃ ᠪᠦᠬᠦ ᠰᠢᠶᠠᠨ ᠳᠤ 400 ᠬᠤᠪᠢ ᠠᠴᠠ ᠳᠡᠭᠡᠭᠰᠢ 91 ᠬᠥᠮᠦᠨ᠂  ᠡᠾᠦ᠋ᠩ ᠶᠤᠸᠠᠨ ᠳᠤᠮᠳᠠᠳᠤ ᠰᠤᠷᠭᠠᠭᠤᠯᠢ 57 ᠬᠥᠮᠦᠨ ᠪᠠᠶᠢᠵᠤ᠂ ᠬᠠᠮᠤᠭ ᠥᠨᠳᠥᠷ ᠬᠤᠪᠢ ᠨᠢ 532.5 ᠬᠤᠪᠢ ᠪᠣᠯᠤᠨ᠎ᠠ᠃ ᠬᠤᠲᠠ᠂ ᠰᠢᠶᠠᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠠᠶᠢᠰᠢᠶᠠᠯ ᠢ ᠣᠯᠠᠨᠲᠠ ᠣᠯᠵᠤ᠂ 2019᠂ 2020 ᠣᠨ ᠳᠤ ᠬᠤᠶᠠᠷ ᠵᠢᠯ ᠳᠠᠷᠠᠭᠠᠯᠠᠨ ᠯᠢᠶᠠᠩᠴᠧᠩ ᠰᠢᠶᠠᠨ ᠤ ︽ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ︾ ᠪᠠᠷ ᠦᠨᠡᠯᠡᠭᠳᠡᠪᠡ᠃ ᠣᠮᠣᠭᠰᠢᠯᠲᠠᠶ ᠬᠢᠷᠢ ᠪᠦᠲᠦᠮᠵᠢ ᠨᠢ  ᠡᠾᠦ᠋ᠩ ᠶᠤᠸᠠᠨ ᠳᠤᠮᠳᠠᠳᠤ ᠰᠤᠷᠭᠠᠭᠤᠯᠢ ᠶᠢᠨ ᠨᠥᠯᠥᠭᠡᠯᠡᠬᠦ ᠬᠦᠴᠦᠨ ᠢ  ᠲᠡᠭᠡᠭᠰᠢᠯᠡᠭᠦᠯᠵᠦ᠂ ᠨᠠᠮᠤᠷ ᠤᠨ ᠤᠯᠠᠷᠢᠯ ᠤᠨ ᠰᠤᠷᠤᠭᠴᠢ ᠡᠯᠰᠡᠬᠦ ᠢᠷᠡᠯᠲᠡ ᠭᠦᠢᠴᠡᠳ᠂ ᠰᠤᠷᠭᠠᠨ ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠭᠤᠯᠭᠠᠭᠰᠠᠨ 180 ᠰᠤᠷᠤᠭᠴᠢ ᠶᠢᠨ ᠰᠠᠭᠤᠷᠢᠨ ᠳᠡᠭᠡᠷ᠎ᠡ᠂ ᠡᠷᠬᠢᠨ ᠲᠣᠭᠤᠷᠢᠨ ᠤ ᠬᠤᠰᠢᠭᠤ ᠰᠢᠶᠠᠨ ᠠᠴᠠ ᠪᠠᠰᠠ 30 ᠨᠡᠷᠡᠰ ᠰᠤᠷᠤᠭᠴᠢ ᠡᠯᠰᠡᠪᠡ᠃
         ᠵᠦᠸᠧᠽᠢ ᠰᠢᠶᠠᠨ ᠠᠴᠠ ᠢᠷᠡᠭᠰᠡᠨ ᠰᠢᠨ᠎ᠡ ᠰᠤᠷᠤᠭᠴᠢ ᠸᠠᠩ ᠿᠦᠩ᠂ ᠯᠢᠶᠠᠩᠴᠧᠩ ᠰᠢᠶᠠᠨ ᠤ ᠡᠾᠦ᠋ᠩ  ᠶᠤᠸᠠᠨ ᠳᠤᠮᠳᠠᠳᠤ  ᠰᠤᠷᠭᠠᠭᠤᠯᠢ ᠪᠣᠯ ᠮᠢᠨᠦ ᠥᠩᠭᠡᠷᠡᠭᠰᠡᠨ ᠳᠡᠭᠡᠨ  ᠬᠦᠰᠡᠭᠡᠳ ᠢᠷᠡᠭᠰᠡᠨ ᠰᠤᠷᠭᠠᠭᠤᠯᠢ ᠪᠣᠯᠤᠨ᠎ᠠ᠃ ᠠᠳᠡᠬᠢ ᠣᠷᠴᠢᠨ ᠲᠣᠭᠤᠷᠢᠨ ᠨᠢ  ᠭᠤᠶᠢᠳᠡ ᠰᠠᠶᠢᠬᠠᠨ᠂ ᠪᠠᠭᠰᠢ ᠨᠠᠷ ᠨᠢ ᠨᠢᠭᠡ ᠨᠢᠭᠡ ᠪᠠᠷ ᠢᠶᠠᠨ ᠣᠬᠢ ᠰᠣᠳᠣ  ᠰᠢᠯᠢᠳᠡᠭ  ᠪᠠᠶᠢᠳᠠᠭ᠃ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠭᠡᠵᠦ᠂ ᠬᠠᠶᠢᠷ᠎ᠠ ᠬᠠᠯᠠᠮᠵᠢ ᠪᠠᠷ ᠪᠢᠯᠬᠠᠮ᠎ᠠ ᠪᠠᠶᠢᠵᠤ᠂ ᠰᠤᠷᠤᠯᠴᠠᠯᠭ᠎ᠠ᠂ ᠠᠮᠢᠳᠤᠷᠠᠯ ᠵᠡᠷᠭᠡ ᠲᠠᠯ᠎ᠠ ᠪᠠᠷ ᠪᠢᠳᠡᠨ ᠢ ᠨᠠᠷᠢᠨ ᠨᠢᠮᠪᠠᠶ ᠬᠠᠯᠠᠮᠵᠢᠯᠠᠵᠤ ᠪᠠᠶᠢᠨ᠎ᠠ᠃ ᠡᠶᠢᠮᠦ ᠰᠠᠶᠢᠨ ᠰᠤᠷᠭᠠᠭᠤᠯᠢ ᠲᠠᠢ᠂ ᠡᠶᠢᠮᠦ ᠠᠵᠢᠯ  ᠤᠶᠢᠯᠡᠰ ᠢᠶᠠᠨ ᠳᠡᠭᠡᠳᠦᠯᠡᠳᠡᠭ ᠪᠠᠭᠰᠢ ᠲᠠᠢ ᠪᠠᠶᠢᠬᠤ ᠶᠢ ᠪᠢ  ᠢᠳᠡᠭᠡᠵᠦ ᠪᠠᠶᠢᠨ᠎ᠠ᠃ ᠥᠪᠡᠷ ᠤᠨ ᠴᠢᠷᠮᠠᠶᠢᠯᠭ᠎ᠠ ᠪᠠᠷ ᠢᠶᠠᠨ ᠪᠢ ᠯᠠᠪᠲᠠᠢ ᠬᠦᠰᠡᠯᠡᠩ ᠤᠨ ᠥᠨᠳᠥᠷ ᠳᠤᠮᠳᠠᠳᠤ ᠳᠤ ᠳᠠᠪᠰᠢᠨ ᠣᠷᠣᠬᠤ ᠶᠤᠮ᠃
           ᠯᠢᠶᠠᠩᠴᠧᠩ ᠰᠢᠶᠠᠨ ᠤ ᠡᠾᠦ᠋ᠩ ᠶᠤᠸᠠᠨ ᠳᠤᠮᠳᠠᠳᠤ ᠰᠤᠷᠭᠠᠭᠤᠯᠢ ᠴᠠᠭ ᠦᠭᠡ ᠲᠠᠢ ᠵᠡᠷᠭᠡᠪᠡᠷ ᠤᠷᠤᠭᠰᠢᠯᠠᠵᠤ᠂ ᠪᠠᠶᠢᠳᠠᠯ ᠳᠤ ᠵᠣᠬᠢᠴᠠᠵᠤ᠂ ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ 2019 ᠣᠨ ᠤ ᠨᠠᠮᠤᠷ ᠲᠤ ᠰᠤᠷᠭᠠᠭᠤᠯᠢ ᠶᠢᠨ ᠵᠠᠬᠢᠷᠤᠯ ᠠᠴᠠ ᠬᠡᠷᠡᠭ ᠮᠡᠳᠡᠭᠴᠢᠳ ᠤᠨ ᠵᠥᠪᠯᠡᠯ ᠤᠨ ᠬᠠᠷᠢᠭᠤᠴᠠᠬᠤ ᠲᠦᠷᠢᠮ ᠳᠤ ᠰᠢᠯᠵᠢᠭᠦᠯᠵᠦ᠂ ᠰᠢᠶᠠᠨ ᠤ ᠬᠤᠲᠠ ᠶᠢᠨ ᠬᠠᠮᠤᠭ ᠤᠨ ᠰᠢᠯᠢᠳᠡᠭ ᠵᠠᠬᠢᠷᠤᠯ ᠢ ᠤᠷᠢᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠡᠩᠨᠡᠭᠡ ᠶᠢ ᠰᠢᠯᠢᠳᠡᠭᠵᠢᠭᠦᠯᠵᠦ᠂ ᠠᠵᠢᠯ ᠤᠨ ᠪᠠᠶᠢᠷᠢ ᠶᠢᠨ  ᠬᠠᠷᠢᠭᠤᠴᠠᠯᠭ᠎ᠠ ᠶᠢᠨ ᠳᠦᠷᠢᠮ  ᠢ ᠬᠡᠷᠡᠭᠵᠢᠭᠦᠯᠵᠦ᠂ ᠭᠠᠵᠠᠷ ᠪᠣᠯᠭᠠᠨ ᠳᠤ ᠬᠠᠮᠢᠶᠠᠷᠬᠤ ᠬᠥᠮᠦᠨ ᠲᠠᠢ᠂ ᠶᠠᠪᠤᠳᠠᠯ ᠪᠦᠬᠦᠨ ᠢ ᠠᠳᠬᠤᠬᠤ ᠬᠥᠮᠦᠨ ᠲᠠᠢ ᠪᠠᠶᠢᠬᠤ ᠶᠢ ᠪᠡᠶᠡᠯᠡᠭᠦᠯᠬᠦ ᠶᠢᠨ ᠬᠠᠮᠲᠤ ᠬᠢᠴᠢᠶᠡᠯ ᠤᠨ ᠴᠠᠭ ᠪᠣᠯᠤᠨ ᠠᠮᠵᠢᠯᠲᠠ ᠪᠦᠲᠦᠮᠵᠢ ᠶᠢᠨ ᠴᠠᠯᠢᠩ ᠵᠡᠷᠭᠡ ᠠᠮᠢᠳᠤᠯᠢᠭ ᠤᠷᠮᠠᠰᠢᠭᠤᠯᠬᠤ ᠲᠣᠭᠲᠠᠴᠠ ᠶᠢ ᠬᠡᠷᠡᠭᠵᠢᠭᠦᠯᠬᠦ ᠬᠡᠷᠡᠭᠲᠡᠶ᠃ ᠯᠢᠶᠠᠩᠴᠧᠩ  ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠣᠨᠴᠠ ᠡᠯᠰᠡᠬᠦ ᠠᠩᠭᠢ ᠪᠠᠶᠢᠭᠤᠯᠵᠤ᠂ ᠪᠠᠭᠰᠢ  ᠨᠠᠷ ᠪᠢᠴᠢᠭ ᠵᠢᠭᠠᠵᠤ ᠬᠥᠮᠦᠨ ᠬᠥᠮᠦᠵᠢᠭᠦᠯᠦᠭᠰᠡᠨ ᠰᠤᠷᠤᠭᠴᠢᠳ ᠤᠨ ᠰᠢᠯᠢᠳᠡᠭ ᠪᠣᠯᠬᠤ ᠪᠠᠷ  ᠶᠡᠭᠡ ᠪᠠᠷ ᠳᠡᠭᠡᠭᠰᠢᠯᠡᠭᠦᠯᠵᠡᠶ᠃ ᠡᠨᠡ ᠨᠠᠮᠤᠷ ᠰᠤᠷᠭᠠᠭᠤᠯᠢ ᠡᠬᠢᠯᠡᠪᠡ᠂ ᠤᠤᠯ ᠤᠨ ᠪᠠᠶᠢᠭᠰᠠᠨ ᠲᠤᠰᠬᠠᠶ ᠪᠠᠭᠰᠢ 40 ᠬᠥᠮᠦᠨ ︵ᠡᠭᠦᠨ ᠳᠤ ᠳᠡᠭᠡᠳᠦ ᠲᠠᠰ ᠤᠨ ᠪᠠᠭᠰᠢ 26 ᠪᠣᠶ︶  ᠤ ᠰᠠᠭᠤᠷᠢᠨ ᠳᠡᠭᠡᠷ᠎ᠡ᠂ ᠪᠠᠰᠠ ᠬᠥᠬᠡᠬᠤᠲᠠ ᠶᠢᠨ ᠠᠵᠢᠯ  ᠤᠶᠢᠯᠡᠰ ᠢᠶᠠᠨ ᠳᠡᠭᠡᠳᠦᠯᠡᠬᠦ᠂ ᠪᠥᠸᠧ ᠰᠧ ᠶᠠ ᠶᠢᠨ ᠭᠠᠳᠠᠭᠠᠳᠤ  ᠬᠡᠯᠡᠨ ᠤ ᠪᠣᠯᠪᠠᠰᠤᠷᠠᠭᠤᠯᠤᠯ ᠤᠨ ᠰᠤᠷᠭᠠᠭᠤᠯᠢ ᠵᠢᠴᠢ ᠡᠷᠬᠢᠨ ᠲᠣᠭᠤᠷᠢᠨ ᠤ ᠬᠤᠰᠢᠭᠤ ᠰᠢᠶᠠᠨ ᠠᠴᠠ ᠨᠠᠷᠠᠲᠤ ᠪᠠᠭᠰᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ ᠪᠠᠭᠰᠢ 5 ᠬᠥᠮᠦᠨ ᠢ ᠤᠷᠢᠨ ᠬᠡᠷᠡᠭᠯᠡᠵᠦ᠂ ᠪᠠᠭᠰᠢ ᠶᠢᠨ ᠬᠦᠴᠦᠨ ᠢ ᠴᠢᠩᠭᠠᠷᠠᠭᠤᠯᠪᠠ᠃ ᠠᠮᠢᠳᠤᠷᠠᠯ ᠤᠨ ᠲᠠᠯ᠎ᠠ ᠪᠠᠷ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠭᠤᠯᠠᠨ ᠭᠡᠷ ᠢ ᠥᠩᠭᠡᠷᠡᠭᠰᠡᠨ ᠤ ᠬᠤᠭᠤᠯᠠ ᠪᠠᠷ ᠪᠡᠯᠡᠳᠦᠮᠡᠯ ᠬᠤᠭᠤᠯᠠ ᠪᠣᠯᠭᠠᠵᠤ᠂ ᠬᠤᠭᠤᠯᠠ ᠪᠣᠯᠭᠠᠨ ᠳᠤ   ᠲᠦᠷᠪᠡᠨ ᠨᠣᠭᠤᠭ᠎ᠠ ᠨᠢᠭᠡ ᠱᠥᠯᠥ᠃ ᠪᠠᠰᠠ  ᠰᠦ ᠲᠠᠢ ᠤᠮᠳᠠᠭᠠᠨ ᠨᠡᠮᠡᠵᠦ᠂ ᠰᠤᠷᠤᠭᠴᠢᠳ ᠤᠨ ᠪᠡᠶ᠎ᠡ ᠮᠠᠬᠠᠪᠣᠳ ᠤᠨ ᠪᠠᠶᠢᠳᠠᠯ ᠢ ᠦᠨᠳᠦᠰᠦᠯᠡᠨ ᠰᠢᠮ᠎ᠡ ᠲᠡᠵᠢᠭᠡᠯ ᠲᠣᠬᠢᠷᠠᠭᠤᠯᠵᠤ᠂ ᠬᠤᠭᠤᠯᠠ  ᠠᠮᠲᠠᠲᠠᠶ᠂ ᠪᠣᠬᠢᠷᠲᠤᠯ ᠥᠬᠡᠶ ᠡᠷᠡᠭᠦᠯ ᠴᠢᠭᠢᠷᠠᠭ ᠪᠣᠯᠭᠠᠬᠤ ᠪᠠᠷ ᠴᠢᠷᠮᠠᠶᠢᠬᠤ ᠬᠡᠷᠡᠭᠲᠡᠶ︔ ᠬᠤᠨᠣᠬᠤ ᠠᠰᠠᠷ ᠤᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠵᠠᠷ ᠳᠡᠭᠡᠷᠡᠬᠢ ᠬᠤᠭ ᠲᠣᠭᠤᠰᠣ ᠦᠭᠡᠶ᠂ ᠪᠡᠶ᠎ᠡ ᠵᠠᠰᠠᠬᠤ ᠭᠠᠵᠠᠷ ᠤᠨ ᠠᠷᠢᠭᠤᠨ ᠴᠡᠪᠡᠷ᠂ ᠪᠠᠶᠢᠷᠢ ᠶᠢᠨ  ᠲᠤᠳᠤᠷ᠎ᠠ ᠨᠠᠮ ᠵᠢᠮ ᠠᠷᠢᠭᠤᠨ ᠴᠡᠪᠡᠷ᠂ ᠠᠷᠤ ᠲᠠᠯ᠎ᠠ ᠶᠢᠨ  ᠤᠶᠢᠯᠡᠴᠢᠯᠡᠭᠡᠨ ᠤ ᠪᠠᠲᠤᠯᠭ᠎ᠠ ᠳᠤ ᠬᠦᠷᠴᠦ᠂ ᠪᠠᠭᠰᠢ ᠰᠤᠷᠤᠭᠴᠢᠳ ᠲᠤ ᠲᠠᠭᠠᠯᠠᠮᠵᠢᠲᠠᠶ ᠢᠳᠡᠵᠦ ᠤᠤᠭᠤᠬᠤ ᠬᠤᠨᠣᠵᠤ ᠬᠡᠪᠲᠡᠬᠦ ᠣᠷᠴᠢᠨ ᠲᠣᠭᠤᠷᠢᠨ ᠢ ᠪᠤᠢ ᠪᠣᠯᠭᠠᠵᠤ ᠥᠭᠴᠡᠶ᠃
          ᠮᠠᠨ ᠤ ᠡᠾᠦ᠋ᠩ  ᠶᠤᠸᠠᠨ ᠳᠤᠮᠳᠠᠳᠤ ᠰᠤᠷᠭᠠᠭᠤᠯᠢ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠷ ᠭᠠᠷᠳᠠᠴᠠ ᠪᠣᠯᠭᠠᠵᠤ᠂ ᠬᠢᠴᠢᠶᠡᠯ ᠤᠨ ᠴᠠᠭ ᠪᠣᠯᠤᠨ ᠠᠮᠵᠢᠯᠲᠠ ᠪᠦᠲᠦᠮᠵᠢ ᠶᠢᠨ ᠴᠠᠯᠢᠩ ᠢ ᠬᠡᠷᠡᠭᠵᠢᠭᠦᠯᠦᠭᠰᠡᠨ᠂ ᠪᠠᠭᠰᠢ ᠠᠵᠢᠯᠲᠠᠨ ᠠᠵᠢᠯᠴᠢᠨ ᠤ ᠢᠳᠡᠪᠬᠢᠵᠢᠯ ᠢ ᠳᠠᠶᠢᠴᠢᠯᠠᠵᠠᠶ᠃ ᠡᠨᠡ ᠵᠢᠯ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠳᠠᠬᠢᠨᠲᠠ  ᠰᠢᠯᠢᠳᠡᠭ ᠬᠢᠷᠢ ᠪᠦᠲᠦᠮᠵᠢ ᠤᠯᠪᠠ᠃ ᠪᠠᠭᠰᠢ ᠶᠢᠨ ᠬᠦᠴᠦᠨ ᠢ ᠴᠢᠩᠭᠠᠳᠬᠠᠬᠤ ᠶᠢᠨ ᠲᠥᠯᠥᠭᠡ᠂ ᠬᠥᠬᠡᠬᠤᠲᠠ ᠶᠢᠨ ᠠᠵᠢᠯ  ᠤᠶᠢᠯᠡᠰ ᠢᠶᠠᠨ ᠳᠡᠭᠡᠳᠦᠯᠡᠬᠦ ᠵᠡᠷᠭᠡ ᠨᠠᠷᠠᠲᠤ ᠰᠤᠷᠭᠠᠭᠤᠯᠢ ᠵᠢᠴᠢ ᠨᠡᠶᠢᠭᠡᠮ ᠳᠡᠭᠡᠷ᠎ᠡ 5 ᠰᠢᠯᠢᠳᠡᠭ ᠪᠠᠭᠰᠢ ᠡᠯᠰᠡᠬᠦ ᠠᠴᠠ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠤ ᠬᠦᠷᠲᠡᠯ᠎ᠡ  ᠲᠡᠭᠦᠯᠳᠡᠷᠵᠢᠭᠦᠯᠪᠡ᠃ ᠡᠭᠦᠨ ᠤ ᠬᠠᠮᠲᠤ᠂ ᠪᠠᠭᠰᠢ ᠰᠤᠷᠤᠭᠴᠢᠳ ᠤᠨ ᠠᠮᠢᠳᠤᠷᠠᠯ ᠢ ᠬᠠᠯᠠᠮᠵᠢᠯᠠᠬᠤ ᠲᠠᠯ᠎ᠠ ᠪᠠᠷ ᠥᠪᠡᠷ ᠲᠤ ᠪᠠᠨ  ᠤᠶᠢᠯᠡᠴᠢᠯᠡᠬᠦ ᠬᠤᠭᠤᠯᠠ ᠢᠳᠡᠵᠦ᠂ ᠳᠥᠷᠪᠡᠨ ᠨᠣᠭᠤᠭ᠎ᠠ ᠨᠢᠭᠡ ᠱᠥᠯᠥ᠂ ᠰᠢᠮ᠎ᠡ ᠲᠡᠵᠢᠭᠡᠯ ᠢ ᠨᠢ ᠲᠣᠬᠢᠷᠠᠭᠤᠯᠪᠠ᠃ ᠨᠡᠷᠡᠲᠦ ᠪᠠᠭᠰᠢ ᠪᠠᠭᠰᠢᠯᠠᠬᠤ ᠨᠢ ᠬᠠᠶᠢᠷ᠎ᠠ ᠬᠠᠯᠠᠮᠵᠢ ᠪᠠᠷ ᠪᠢᠯᠬᠠᠵᠤ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠬᠡᠵᠢᠶᠡᠳᠡ ᠰᠤᠯᠠᠷᠠᠭᠤᠯᠤᠯ ᠦᠭᠡᠢ ᠠᠳᠬᠤᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠭᠤᠯᠢ ᠶᠢ ᠴᠢᠷᠮᠠᠶᠢᠨ ᠡᠷᠬᠢᠯᠡᠵᠦ᠂ ᠯᠢᠶᠠᠩᠴᠧᠩ ᠤᠨ ᠰᠤᠷᠭᠠᠨ  ᠬᠦᠮᠦᠵᠢᠯ ᠤᠨ  ᠠᠯᠤᠰ ᠢᠷᠡᠭᠡᠳᠦᠢ ᠶᠢ ᠡᠭᠦᠳᠬᠦ ᠬᠡᠷᠡᠭᠲᠡᠢ ᠭᠡᠵᠦ ᠡᠾᠦ᠋ᠩ ᠶᠤᠸᠠᠨ ᠳᠤᠮᠳᠠᠳᠤ ᠰᠤᠷᠭᠠᠭᠤᠯᠢ ᠶᠢᠨ ᠬᠡᠷᠡᠭ ᠮᠡᠳᠡᠭᠴᠢᠳ ᠤᠨ ᠳᠠᠷᠤᠭ᠎ᠠ ᠠᠨ ᠱᠢ ᠸᠧᠢ ᠬᠡᠯᠡᠪᠡ᠃                            ᠰᠤᠷᠪᠤᠯᠵᠢᠯᠠᠭᠴᠢ᠄  ᠰᠦᠩ ᠹᠦ᠋ ᠾᠧᠩ   ᠯᠢ ᠰᠢᠶᠣᠤ ᠾᠦᠢ                            ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                            ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2