| | 9 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠤ ᠴᠢᠶᠠᠩ ᠮᠠᠨ ᠤ ᠰᠢᠶᠠᠨ ᠤ ᠲᠢᠶᠠᠨ ᠴᠧᠩ ᠰᠢᠶᠠᠩ ᠤᠨ | ᠬᠠᠶ ᠭᠤᠤ ᠮᠠᠯ ᠠᠵᠤ ᠠᠬᠤᠶ ᠶᠢᠨ ᠳᠥᠷᠪᠡᠳᠦᠭᠡᠷ ᠬᠤᠭᠤᠴᠠᠭᠠᠨ ᠤ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠪᠠ ᠳᠠᠭ᠎ᠠ ᠶᠢᠨ ᠨᠠᠭᠤᠷ ᠪᠠᠯᠭᠠᠰᠤᠨ ᠤ ᠵᠢᠶᠦ᠋ᠨ ᠶᠠᠩ ᠮᠠᠯ ᠠᠵᠤ ᠠᠬᠤᠶ ᠶᠢᠨ ᠰᠠᠭᠠᠯᠢ ᠶᠢᠨ ᠢᠮᠠᠭ᠎ᠠ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠤᠶᠢᠯᠡᠳᠪᠤᠷᠢ ᠪᠠᠶᠢᠭᠤᠯᠤᠭᠰᠠᠨ ᠠᠬᠢᠴᠠ ᠶᠢᠨ | ᠪᠠᠶᠢᠳᠠᠯ ᠪᠠ ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠬᠥᠭᠵᠢᠯᠲᠡ ᠶᠢᠨ ᠪᠠᠶᠢᠳᠠᠯ ᠤᠨ ᠲᠤᠬᠠᠶ ᠲᠣᠰ ᠲᠣᠰ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ | ᠸᠧᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠢᠦᠢ ᠳ᠋ᠠᠶ | ᠴᠢᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ | ᠴᠧᠨ ᠸᠧᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠷᠧᠨ | ᠳ᠋ᠦᠩ ᠮᠢᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠳ᠋ᠦᠩ ᠶᠦᠩ ᠰᠢᠶᠠᠩ ᠪᠠᠷ᠎ᠠ ᠪᠤᠯᠵᠦ ᠪᠠᠶᠢᠴᠠᠭᠠᠨ | ᠰᠤᠳᠤᠯᠪᠠ᠃ | | | | | | | | | ᠬᠠᠢ ᠭᠤᠤ ᠮᠠᠯ ᠠᠵᠤ ᠠᠬᠤᠢ ᠶᠢᠨ ᠳᠥᠷᠪᠡᠳᠦᠭᠡᠷ ᠬᠤᠭᠤᠴᠠᠭᠠᠨ ᠤ ᠲᠡᠵᠢᠭᠡᠨ ᠦᠷᠡᠵᠢᠭᠦᠯᠬᠦ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠢ ᠳᠤ᠂ ᠵᠧᠤ ᠴᠢᠶᠠᠩ ᠲᠥᠷᠥᠯ | ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠤ᠂ | ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠰᠤᠳᠤᠯᠤᠨ ᠰᠢᠢᠳᠪᠤᠷᠢᠯᠡᠵᠦ᠂ ᠬᠠᠮᠢᠶ᠎ᠠ ᠪᠦᠬᠦᠢ ᠠᠵᠢᠯ ᠢ | ᠲᠤᠬᠢᠷᠠᠭᠤᠯᠤᠨ ᠠᠬᠢᠭᠤᠯᠤᠨ᠎ᠠ᠃ ᠵᠧᠦ ᠴᠢᠶᠠᠩ ᠱᠠᠭᠠᠷᠳᠠᠭᠰᠠᠨ ᠨᠢ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ | ᠪᠠᠷᠢᠯᠭ᠎ᠠ ᠶᠢᠨ ᠠᠵᠢᠯ ᠤᠨ ᠠᠬᠢᠴᠠ ᠪᠠᠨ ᠲᠦᠷᠭᠡᠳᠬᠡᠬᠦ ᠶᠢᠨ ᠬᠠᠮᠲᠤ᠂ ᠬᠦᠷᠢᠶᠡᠯᠡᠩ ᠲᠣᠭᠤᠷᠢᠭ ᠤᠨ ᠪᠦᠬᠦᠯᠢ | ᠴᠣᠭᠴᠠ ᠶᠢᠨ ᠲᠥᠯᠥᠪᠵᠢᠭᠦᠯᠭᠡ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ᠂ ᠪᠠᠷᠢᠯᠭ᠎ᠠ ᠶᠢᠨ ᠠᠮᠤᠷ | ᠲᠦᠪᠰᠢᠨ ᠢ ᠦᠨᠡᠨᠬᠦ ᠰᠠᠶᠢᠲᠤᠷ ᠪᠠᠲᠤᠯᠠᠨ᠎ᠠ᠃ ᠣᠷᠴᠢᠨ ᠲᠣᠭᠤᠷᠢᠨ ᠢ ᠬᠠᠮᠠᠭᠠᠯᠠᠬᠤ᠂ ᠬᠤᠨᠢ ᠮᠠᠯ ᠤᠨ ᠪᠠᠭᠠᠰᠤ | ᠰᠢᠭᠡᠰᠦ ᠶᠢ ᠰᠢᠢᠳᠪᠤᠷᠢᠯᠡᠬᠦ᠂ ᠬᠢᠵᠢᠭ ᠰᠡᠷᠭᠡᠶᠢᠯᠡᠬᠦ ᠵᠡᠷᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ | ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠠᠵᠤ ᠤᠶᠢᠯᠡᠰ ᠤᠨ ᠬᠥᠭᠵᠢᠯᠲᠡ ᠶᠢᠨ ᠰᠡᠳᠬᠢᠴᠡ ᠠᠷᠭ᠎ᠠ ᠪᠠᠷᠢᠯ | ᠪᠣᠯᠤᠨ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠯᠢᠶᠠᠩᠴᠧᠩ ᠰᠢᠶᠠᠨ ᠤ ᠠᠮᠢ ᠠᠬᠤᠶ ᠶᠢᠨ ᠲᠡᠵᠢᠭᠡᠨ | ᠦᠷᠡᠵᠢᠭᠦᠯᠬᠦ ᠠᠵᠤ ᠤᠶᠢᠯᠡᠰ ᠤᠨ ᠰᠢᠨᠵᠢᠯᠡᠬᠦ ᠤᠬᠠᠭᠠᠨᠴᠢ᠂ ᠡᠷᠡᠭᠦᠯ᠂ ᠦᠷᠭᠦᠯᠵᠢᠯᠡᠨ ᠬᠥᠭᠵᠢᠬᠦ ᠶᠢ ᠪᠦᠲᠦᠮᠵᠢᠲᠡᠶ | ᠠᠬᠢᠭᠤᠯᠵᠠᠶ᠃ ᠪᠣᠳᠠᠲᠤ ᠶᠠᠪᠤᠳᠠᠯ ᠢ ᠦᠨᠡᠨ ᠬᠦ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠶ ᠬᠢᠵᠦ᠂ ᠪᠦᠬᠦ | ᠰᠢᠶᠠᠨ ᠤ ᠠᠵᠤ ᠠᠬᠤᠶ ᠶᠢᠨ ᠬᠥᠭᠵᠢᠯᠲᠡ ᠳᠤ ᠬᠥᠳᠡᠯᠭᠡᠭᠴᠢ ᠬᠦᠴᠦᠨ ᠢ ᠨᠡᠮᠡᠭᠳᠡᠭᠦᠯᠬᠦ ᠬᠡᠷᠡᠭᠲᠡᠶ ᠭᠡᠪᠡ᠃ | | | | | | | | | ᠵᠢᠶᠦ᠋ᠨ ᠶᠠᠩ ᠮᠠᠯᠵᠢᠯ ᠤᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠲᠤ ᠵᠧᠤ | ᠴᠢᠶᠠᠩ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠡᠵᠡᠩᠨᠡᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨᠦᠵᠡᠵᠦ᠂ ᠰᠠᠭᠤᠷᠢᠨ ᠭᠠᠵᠠᠷ ᠤᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ᠂ ᠲᠡᠵᠢᠭᠡᠯ ᠡᠪᠡᠰᠦ | ᠨᠦᠬᠡᠴᠢᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠧᠤ ᠴᠢᠶᠠᠩ ᠴᠢᠬᠤᠯᠠᠴᠢᠯᠠᠭᠰᠠᠨ ᠨᠢ᠂ ᠰᠠᠭᠠᠯᠢ ᠶᠢᠨ ᠢᠮᠠᠭᠠᠨ ᠤ ᠰᠠᠶᠢᠨ | ᠡᠭᠦᠯᠳᠡᠷ ᠢ ᠣᠷᠣᠭᠤᠯᠵᠤ ᠢᠷᠡᠬᠦ ᠶᠢ ᠴᠢᠬᠤᠯᠠᠴᠢᠯᠠᠬᠤ ᠬᠡᠷᠡᠭᠲᠡᠶ᠂ ᠴᠢᠨᠠᠷ ᠰᠠᠶᠢᠲᠠᠶ ᠡᠭᠦᠯᠳᠡᠷ ᠢ ᠰᠢᠨᠵᠢᠯᠡᠬᠦ | ᠤᠬᠠᠭᠠᠨᠴᠢ ᠪᠠᠷ ᠰᠣᠩᠭᠤᠨ ᠪᠤᠶᠢᠵᠢᠭᠤᠯᠵᠤ᠂ ᠲᠡᠵᠢᠭᠡᠨ ᠦᠷᠡᠵᠢᠭᠦᠯᠬᠦ᠂ ᠬᠢᠵᠢᠭ ᠰᠡᠷᠭᠡᠶᠢᠯᠡᠬᠦ ᠵᠡᠷᠭᠡ ᠮᠡᠷᠭᠡᠵᠢᠯ ᠤᠨ | ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠮᠥᠷᠳᠡᠨ ᠤᠶᠢᠯᠡᠴᠢᠯᠡᠬᠦ ᠵᠢᠯᠣᠭᠤᠳᠣᠯᠭ᠎ᠠ ᠪᠠᠨ | ᠴᠢᠩᠭᠠᠷᠠᠭᠤᠯᠵᠤ᠂ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠤᠶᠢᠯᠡᠰ ᠤᠨ ᠲᠤᠰᠬᠠᠶᠢᠵᠢᠬᠤ᠂ | ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠲᠡᠭᠡᠭᠰᠢᠯᠡᠭᠦᠯᠬᠦ ᠬᠡᠷᠡᠭᠲᠡᠶ᠃ ᠲᠡᠵᠢᠭᠡᠨ ᠦᠷᠡᠵᠢᠭᠦᠯᠬᠦ | ᠰᠠᠭᠤᠷᠢᠨ ᠭᠠᠵᠠᠷ ᠤᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠭᠢᠨ | ᠲᠣᠭᠤᠷᠢᠨ ᠤ ᠣᠯᠠᠨ ᠲᠦᠮᠡᠨ ᠤ ᠰᠠᠭᠠᠯᠢ ᠶᠢᠨ ᠢᠮᠠᠭᠠᠨ ᠤ ᠠᠵᠤ ᠤᠶᠢᠯᠡᠰ ᠢ ᠬᠥᠭᠵᠢᠭᠦᠯᠬᠦ ᠶᠢ ᠢᠳᠡᠪᠬᠢᠲᠡᠢ | ᠬᠦᠳᠦᠯᠦᠨ ᠳᠠᠭᠠᠭᠤᠯᠵᠤ᠂ ᠠᠵᠤ ᠤᠶᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠳᠤ ᠬᠦᠴᠦᠨ ᠨᠡᠮᠡᠷᠢᠯᠡᠵᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ ᠭᠡᠪᠡ᠃ | | ᠰᠤᠷᠪᠤᠯᠵᠢᠯᠠᠭᠴᠢ᠄ ᠱᠠᠩ ᠶᠦᠨ ᠰᠢᠶᠠ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |