9 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠧᠦ ᠴᠦᠨ ᠵᠢᠶᠧ ᠨᠡᠷ | ᠮᠠᠨ ᠤ ᠰᠢᠶᠠᠨ ᠳᠤ ᠭᠦᠨᠵᠡᠭᠡᠶᠢᠷᠡᠵᠦ᠂ ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ | ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠶᠡᠷᠦᠩᠬᠡᠶ | ᠵᠣᠬᠢᠴᠠᠭᠤᠯᠤᠭᠴᠢ ᠰᠢᠤᠢ ᠶᠦᠩ ᠵᠢᠶᠦ᠋ᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠸᠢ ᠿᠦ᠋ ᠰᠢᠨ᠂ | ᠮᠠᠨ ᠤ ᠰᠢᠶᠠᠨ ᠤ ᠤᠳᠤᠷᠢᠳᠤᠯᠭ᠎ᠠ ᠸᠠᠩ ᠸᠧᠨ᠂ ᠢᠦᠢ ᠳ᠋ᠠᠶ ᠴᠢᠩ᠂ ᠮᠠ ᠴᠧᠨ᠂ ᠷᠧᠨ ᠳ᠋ᠦᠩ ᠮᠢᠩ᠂ ᠳ᠋ᠦᠩ | ᠶᠦᠩ ᠰᠢᠶᠠᠩ᠂ ᠵᠢᠶᠠ ᠰᠢᠶᠤᠤ ᠫᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | | | ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨ ᠶᠠᠭᠤᠨ ᠤ ᠤᠷᠢᠳ ᠤᠩᠭᠤᠴᠠᠨ ᠳᠤ ᠰᠠᠭᠤᠵᠤ ᠳᠠᠭ᠎ᠠ ᠶᠢᠨ | ᠨᠠᠭᠤᠷ ᠤᠰᠤᠨ ᠤ ᠲᠦᠪᠰᠢᠨ ᠪᠣᠯᠤᠨ ᠤᠰᠤᠨ ᠤ ᠴᠢᠨᠠᠷ ᠤᠨ ᠪᠣᠬᠢᠷᠲᠤᠯ ᠤᠨ ᠪᠠᠶᠢᠳᠠᠯ ᠢ ᠪᠠᠶᠢᠴᠠᠭᠠᠨ ᠦᠵᠡᠵᠡᠶ᠃ | ᠯᠢᠶᠠᠩᠴᠧᠩ ᠰᠢᠶᠠᠨ ᠤ 2020 ᠣᠨ ᠤ ᠳᠠᠭ᠎ᠠ ᠶᠢᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠷᠠᠭ᠎ᠠ ᠨᠢ ᠳᠠᠭ᠎ᠠ ᠶᠢᠨ ᠨᠠᠭᠤᠷ ᠤᠨ ᠴᠠᠬᠢᠯᠭᠠᠨ ᠤ | ᠤᠶᠢᠯᠡᠳᠪᠤᠷᠢ ᠳᠤ ᠬᠦᠷᠴᠦ᠂ ᠳᠠᠭ᠎ᠠ ᠶᠢᠨ ᠨᠠᠭᠤᠷ ᠤᠨ ᠴᠠᠬᠢᠯᠭᠠᠨ ᠦᠢᠯᠡᠳᠪᠦᠷᠢ ᠶᠢᠨ ᠮᠠᠰᠢᠨ ᠴᠣᠭᠴᠠᠯᠠᠪᠤᠷᠢ ᠶᠢᠨ | ᠲᠡᠰ ᠳᠡᠪᠰᠢᠭᠦᠯᠬᠦ ᠦᠭᠡᠷᠡᠴᠢᠯᠡᠯᠳᠡ ᠵᠢᠴᠢ ᠳᠤᠮᠳᠠ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ᠂ ᠤᠰᠤ | ᠭᠠᠷᠭᠠᠬᠤ ᠠᠮᠠᠰᠠᠷ ᠢ ᠪᠢᠲᠡᠭᠦᠮᠵᠢᠯᠡᠨ ᠵᠣᠭᠰᠣᠭᠠᠬᠤ᠂ ᠳᠠᠭ᠎ᠠ ᠶᠢᠨ ᠨᠠᠭᠤᠷ ᠤᠨ ᠰᠠᠶᠢᠷᠭᠠᠯ ᠨᠤᠭᠤ ᠭᠠᠵᠠᠷ ᠢ | ᠬᠠᠮᠠᠭᠠᠯᠠᠬᠤ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠳᠠᠭ᠎ᠠ ᠶᠢᠨ ᠨᠠᠭᠤᠷ ᠤᠨ ᠴᠠᠬᠢᠯᠭᠠᠨ | ᠦᠢᠯᠡᠳᠪᠦᠷᠢ ᠶᠢᠨ ᠤᠰᠤ ᠬᠦᠷᠭᠡᠬᠦ ᠶᠢ ᠠᠭᠠᠷ ᠢᠶᠠᠷ ᠬᠦᠷᠭᠡᠬᠦ ᠪᠣᠯᠭᠠᠨ ᠥᠭᠡᠷᠡᠴᠢᠯᠡᠬᠦ᠂ ᠳᠤᠮᠳᠠ ᠤᠰᠤ ᠶᠢ | ᠡᠭᠡᠭᠦᠯᠦᠨ ᠬᠡᠷᠡᠭᠯᠡᠬᠦ᠂ ᠤᠰᠤ ᠵᠠᠯᠠᠬᠤ ᠠᠮᠠᠰᠠᠷ ᠢ ᠵᠣᠭᠰᠣᠭᠠᠬᠤ᠂ ᠤᠰᠤ ᠠᠪᠬᠤ ᠬᠤᠳᠳᠤᠭ ᠢ ᠪᠢᠲᠡᠭᠦᠮᠵᠢᠯᠡᠨ | ᠵᠣᠭᠰᠣᠭᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ | ᠭᠠᠷᠭᠠᠭᠰᠠᠨ ᠨᠢ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠶᠢᠷᠢ ᠰᠠᠭᠤᠷᠢ ᠲᠦᠢᠯ ᠤᠨ ᠴᠢᠬᠤᠯᠠ ᠶᠤᠮ᠃ | ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠪᠦᠬᠦ ᠰᠠᠪᠠ ᠭᠠᠵᠠᠷ ᠠᠴᠠ ᠡᠭᠦᠰᠴᠦ ᠵᠠᠰᠠᠬᠤ | ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠠᠵᠤ ᠤᠶᠢᠯᠡᠳᠪᠤᠷᠢ᠂ ᠬᠥᠳᠡᠭᠡ ᠠᠵᠤ ᠠᠬᠤᠶ᠂ ᠠᠮᠢᠳᠤᠷᠠᠯ ᠵᠡᠷᠭᠡ | ᠪᠣᠬᠢᠷᠲᠤᠯ ᠤᠨ ᠡᠬᠢ ᠰᠤᠷᠪᠤᠯᠵᠢ ᠶᠢᠨ ᠳᠠᠯᠠᠶ ᠶᠢᠨ ᠤᠰᠤᠨ ᠤ ᠠᠮᠢ ᠠᠬᠤᠶ ᠳᠤ ᠦᠵᠡᠭᠦᠯᠬᠦ ᠨᠥᠯᠥᠭᠡ ᠶᠢ ᠡᠬᠢ | ᠡᠭᠦᠰᠦᠯ ᠠᠴᠠ ᠨᠢ ᠲᠠᠰᠤᠯᠤᠨ᠎ᠠ᠃ ᠠᠵᠤ ᠠᠬᠤᠶᠢᠯᠠᠯ ᠨᠢ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ | ᠪᠣᠬᠢᠷᠲᠤᠯ ᠤᠨ ᠡᠬᠢ ᠶᠢ ᠵᠠᠰᠠᠬᠤ ᠪᠠ ᠪᠣᠬᠢᠷᠲᠤᠯ ᠢ ᠬᠤᠷᠢᠭᠯᠠᠬᠤ ᠬᠤᠭᠤᠯᠠᠶ ᠶᠢᠨ ᠲᠣᠤᠷ ᠤᠨ ᠪᠦᠲᠦᠭᠡᠨ | ᠪᠠᠶᠢᠭᠤᠯᠤᠯᠳᠡ ᠶᠢ ᠴᠢᠩᠭᠠᠳᠬᠠᠵᠤ᠂ ᠤᠰᠤ ᠬᠡᠷᠡᠭᠯᠡᠬᠦ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ | ᠤᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠵᠤ᠂ ᠳᠠᠭ᠎ᠠ ᠶᠢᠨ ᠨᠠᠭᠤᠷ ᠤᠨ ᠠᠮᠢ ᠠᠬᠤᠶ ᠶᠢᠨ ᠵᠠᠰᠠᠯᠳᠡ ᠳᠤ | ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ᠃ | | | | | | | | ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠥᠷᠢᠯᠡᠬᠦ | ᠢᠨᠵᠧᠨᠧᠷᠢᠩ ᠤᠨ ᠱᠤᠸᠠᠩ ᠭᠦ᠋ ᠴᠧᠩ ᠨᠦᠬᠡᠨ ᠵᠠᠮ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ᠂ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠲᠥᠷᠥᠯ ᠵᠦᠢᠯ ᠤᠨ ᠬᠠᠷᠢᠭᠤᠴᠠᠯᠭᠠᠲᠠᠨ ᠤ ᠪᠠᠷᠢᠯᠭ᠎ᠠ ᠶᠢᠨ | ᠶᠡᠷᠦᠩᠬᠡᠢ ᠪᠠᠶᠢᠷᠢᠯᠠᠭᠤᠯᠤᠯᠲᠠ ᠶᠢᠨ ᠵᠢᠷᠤᠭ ᠤᠨ ᠲᠤᠬᠠᠶ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠤᠭᠤᠴᠠᠭ᠎ᠠ᠂ ᠠᠶᠤᠯ ᠦᠭᠡᠢ ᠦᠢᠯᠡᠳᠪᠦᠷᠢᠯᠡᠯ᠂ ᠪᠠᠷᠢᠯᠭ᠎ᠠ | ᠪᠠᠷᠢᠬᠤ ᠠᠬᠢᠴᠠ ᠪᠣᠯᠤᠨ ᠪᠠᠷᠢᠯᠭ᠎ᠠ ᠪᠠᠷᠢᠬᠤ ᠭᠤᠣᠯᠳᠠᠯᠭ᠎ᠠ ᠲᠠᠢ ᠬᠦᠴᠢᠷ ᠠᠰᠠᠭᠤᠳᠠᠯ ᠵᠡᠷᠭᠡ ᠪᠠᠶᠢᠳᠠᠯ ᠢ ᠨᠠᠷᠢᠨ | ᠤᠶᠢᠯᠠᠭᠠᠵᠤ᠂ ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠠᠭ ᠢ ᠲᠣᠩᠭᠤᠷᠤᠭᠤᠯᠤᠨ | ᠵᠢᠭᠰᠠᠭᠠᠵᠤ᠂ ᠲᠥᠷᠥᠯ ᠵᠤᠶᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ | ᠠᠰᠠᠭᠤᠳᠠᠯ ᠢ ᠰᠠᠶᠢᠲᠤᠷ ᠰᠢᠢᠳᠪᠤᠷᠢᠯᠡᠵᠠᠢ᠃ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ | ᠨᠠᠷᠢᠨ ᠨᠢᠮᠪᠠᠶ ᠪᠠᠷᠢᠯᠭ᠎ᠠ ᠪᠠᠷᠢᠵᠤ᠂ ᠪᠠᠷᠢᠯᠭ᠎ᠠ ᠶᠢᠨ ᠶᠠᠰᠤ ᠴᠢᠨᠠᠷ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ | ᠪᠠᠲᠤᠯᠠᠬᠤ ᠬᠡᠷᠡᠭᠲᠡᠶ᠃ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠰᠠ ᠵᠢᠷᠭᠤᠳᠤᠭᠠᠷ ᠰᠤᠮᠤ ᠪᠠᠯᠭᠠᠰᠤᠨ ᠤ ᠳ᠋ᠠ ᠭᠧ ᠯᠢᠶᠠᠩ | ᠲᠣᠰᠬᠤᠨ ᠳᠤ ᠭᠦᠨᠵᠡᠭᠡᠶᠢᠷᠡᠵᠦ᠂ ︽ᠤᠰᠤᠯᠠᠬᠤ ᠪᠠᠨ ᠵᠣᠭᠰᠣᠵᠤ ᠤᠰᠤ ᠰᠡᠷᠭᠦᠭᠡᠬᠦ︾ ᠲᠥᠷᠥᠯ ᠵᠤᠶᠢᠯ ᠤᠨ | ᠪᠠᠶᠢᠳᠠᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ | | | | ᠰᠤᠷᠪᠤᠯᠵᠢᠯᠠᠭᠴᠢ ᠄ ᠳ᠋ᠠᠶ ᠰᠢᠤᠸᠠᠢ ᠵᠠᠩ ᠰᠢᠶᠣᠤ ᠶᠢᠩ | ᠴᠧᠨ ᠶᠦᠨ | ᠨᠠᠶᠢᠷᠠᠭᠤᠯᠤᠭᠴᠢ᠄ ᠭᠦᠸᠧ ᠬᠤᠩ ᠰᠢᠶᠠ ᠡᠤ ᠬᠤᠩ ᠰᠢᠶᠠ | ᠤᠷᠴᠢᠭᠤᠯᠤᠭᠴᠢ᠄ ᠼᠦᠢ ᠴᠢᠩ |