ᠣᠨ ᠰᠠᠷ᠎ᠠ ᠥᠩᠭᠡᠷᠡᠨ ᠣᠳᠴᠤ᠂ ᠴᠠᠭ ᠤᠯᠠᠷᠢᠯ ᠥᠩᠭᠡᠷᠡᠨ ᠣᠳᠴᠤ᠂ ᠬᠠᠪᠤᠷ ᠨᠠᠮᠤᠷ ᠡᠭᠡᠯᠵᠢᠯᠡᠵᠦ᠂ | ᠬᠠᠭᠤᠴᠢᠨ ᠵᠢᠯ ᠢᠶᠠᠨ ᠦᠳᠡᠨ ᠰᠢᠨ᠎ᠡ ᠵᠢᠯ ᠢᠶᠠᠨ ᠤᠭᠲᠤᠵᠤ᠂ ᠤᠶᠠᠩᠭᠠᠲᠤ ᠳᠠᠭᠤᠤ ᠪᠠᠷ ᠢᠶᠠᠨ ᠪᠠᠶᠠᠷᠯᠠᠨ | ᠬᠥᠭᠡᠷᠦᠯᠳᠦᠵᠦ᠂ ᠢᠨᠢᠶᠡᠮᠰᠦᠭᠯᠡᠯ ᠪᠣᠯᠤᠨ ᠬᠦᠰᠡᠯ ᠡᠷᠡᠮᠡᠯᠵᠡᠯ ᠢᠶᠠᠨ ᠬᠠᠮᠲᠤᠳᠬᠠᠪᠠ᠂ 2020 ᠣᠨ ᠳᠤ | ᠬᠠᠷᠢᠶᠠᠯᠠᠭᠳᠠᠬᠤ ᠭᠡᠷᠡᠯ ᠰᠠᠴᠤᠷᠠᠩᠭᠤᠢ ᠬᠠᠭᠤᠳᠠᠰᠤ ᠤᠳᠠᠯ ᠦᠭᠡᠢ ᠥᠨᠳᠥᠷᠯᠡᠵᠦ᠂ 2021 ᠣᠨ ᠤ ᠭᠤᠶᠤ | ᠰᠠᠶᠢᠬᠠᠨ ᠵᠢᠷᠤᠭ ᠳᠦᠷᠰᠦ ᠪᠢᠳᠡᠨ ᠤ ᠳᠡᠯᠭᠡᠭᠳᠡᠬᠦ ᠶᠢ ᠬᠦᠯᠢᠶᠡᠵᠦ ᠪᠠᠶᠢᠨ᠎ᠠ᠃ ᠰᠢᠨ᠎ᠡ ᠬᠠᠭᠤᠴᠢᠨ ᠤ ᠰᠣᠯᠢᠭᠳᠠᠯ ᠤᠨ | 12 ᠰᠠᠷ᠎ᠠ ᠶᠢᠨ 30 ᠤ ᠡᠳᠦᠷ᠂ ᠯᠢᠶᠠᠩᠴᠧᠩ ᠰᠢᠶᠠᠨ ᠤ ᠬᠤᠩ ᠶᠤᠸᠠᠨᠲ᠋ᠤᠮᠳᠠᠳᠤ ᠰᠤᠷᠭᠠᠭᠤᠯᠢ ᠰᠢᠨ᠎ᠡ ᠵᠢᠯ ᠤᠨ | ᠬᠠᠮᠲᠤᠷᠠᠭᠰᠠᠨ ᠨᠠᠶᠢᠷ ᠵᠢᠴᠢ ᠰᠢᠯᠢᠳᠡᠭ ᠰᠤᠷᠤᠭᠴᠢ ᠶᠢ ᠬᠥᠬᠢᠭᠦᠯᠦᠨ ᠰᠠᠶᠢᠰᠢᠶᠠᠬᠤ ᠬᠤᠷᠠᠯ ᠬᠢᠵᠦ᠂ ᠵᠠᠯᠠᠭᠤ | ᠨᠠᠰᠤᠨ ᠤ ᠠᠮᠢᠵᠢᠷᠠᠯ ᠤᠨ ᠬᠦᠴᠦᠨ ᠢᠶᠠᠷ ᠰᠢᠨ᠎ᠡ ᠵᠢᠯ ᠢᠶᠠᠨ ᠤᠭᠲᠤᠵᠠᠢ᠃ | | | | | ᠪᠠᠶᠠᠷ ᠬᠥᠷ ᠪᠠ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ︽ᠨᠡᠭᠡᠭᠡᠯᠲᠡ ᠶᠢᠨ ᠤᠯᠠᠭᠠᠨ︾ ᠪᠥᠵᠢᠭ ᠤᠨ | ᠲᠣᠭᠯᠠᠯᠲᠠ ᠨᠢ ᠬᠠᠮᠲᠤᠷᠠᠭᠰᠠᠨ ᠦᠳᠡᠰᠢᠯᠡᠭᠡ ᠶᠢᠨ ᠭᠤᠶᠢᠳᠠ ᠰᠠᠶᠢᠬᠠᠨ ᠡᠬᠢᠯᠡᠯᠲᠡ ᠶᠢ ᠬᠠᠷᠠᠭᠤᠯᠵᠤ᠂ ᠳᠠᠷᠠᠭ᠎ᠠ ᠨᠢ | ᠬᠤᠶᠠᠷ ᠤᠲᠠᠰᠤᠲᠤ ᠬᠤᠭᠤᠷ ᠤᠨ ᠬᠥᠭᠵᠢᠮᠳᠡᠭᠰᠡᠨ ︽ᠮᠣᠷᠢᠨ ᠤᠷᠤᠯᠳᠤᠭᠠᠨ︾ ᠨᠢ ᠪᠢᠳᠡᠨ ᠳᠤ ᠰᠦᠷ | ᠳᠠᠯᠠᠶᠢᠴᠠᠲᠠᠶ᠂ ᠣᠷᠭᠢᠯᠤᠮ᠎ᠠ ᠬᠠᠯᠠᠭᠤᠨ ᠠᠭᠤᠷ ᠠᠮᠢᠰᠬᠤᠯ᠂ ᠤᠷᠭᠢᠯᠤᠭᠤᠨ ᠬᠥᠭ ᠠᠶᠠᠰ ᠤᠨ ᠬᠥᠭᠵᠢᠮ ᠨᠢ ᠣᠯᠠᠨ | ᠮᠣᠷᠢᠨ ᠤ ᠦᠦᠷᠰᠡᠬᠦ ᠳᠠᠭᠤᠨ ᠤ ᠳᠤᠮᠳᠠ ᠳᠡᠯᠭᠡᠭᠳᠡᠪᠡ᠃ ︽Dream it possible︾᠂ ︽Seve | ᠰᠥᠨᠢ︾᠂ ︽ᠦᠬᠡᠷᠴᠢᠨ︾᠂ ︽ᠳ᠋ᠧᠩ ᠵᠤᠯᠠ ᠭᠡᠷᠡᠯᠲᠦᠭᠦᠯᠬᠦ︾ ᠵᠡᠷᠭᠡ ᠳᠡᠯᠪᠡᠷᠡᠯᠲᠡ ᠶᠢᠨ ᠲᠠᠯᠠᠪᠠᠶ ᠶᠢᠨ | ᠪᠥᠵᠢᠭ ᠨᠢ ᠡᠭᠡᠯᠵᠢᠯᠡᠨ ᠲᠣᠭᠯᠠᠬᠤ ᠪᠤᠶᠤ ᠬᠥᠳᠡᠯᠭᠡᠭᠡᠨᠲᠦ ᠮᠡᠳᠡᠷᠡᠮᠵᠢ ᠲᠡᠭᠦᠯᠳᠡᠷ᠂ ᠡᠰᠡᠬᠦᠯ᠎ᠡ ᠢᠷᠠᠭᠤ ᠤᠶᠠᠩᠭᠠᠯᠢᠭ | ᠪᠥᠭᠡᠳ ᠬᠥᠩᠭᠡᠨ ᠱᠠᠯᠠᠮᠠᠭᠠᠶ᠂ ᠬᠠᠴᠢᠨ ᠰᠣᠨᠢᠷᠬᠠᠯᠲᠠᠶ᠂ ᠬᠢᠵᠠᠭᠠᠯᠠᠰᠢ ᠦᠭᠡᠶ ᠲᠠᠲᠠᠬᠤ ᠬᠦᠴᠦᠨ ᠲᠠᠢ᠃ | ᠰᠣᠨᠣᠰᠪᠤᠷᠢᠲᠠᠶ ᠠᠢᠵᠠᠮ ᠨᠢ ᠬᠤᠩ ᠶᠤᠸᠠᠨ ᠤ ᠰᠢᠨ᠎ᠡ ᠵᠢᠯ ᠤᠨ ᠬᠦᠰᠡᠯ ᠡᠷᠡᠮᠡᠯᠵᠡᠯ ᠢ ᠳᠠᠭᠤᠯᠠᠵᠤ ᠭᠠᠷᠭᠠᠪᠠ︔ | ᠢᠷᠠᠭᠤ ᠰᠠᠶᠢᠬᠠᠨ ᠪᠥᠵᠢᠭ ᠤᠨ ᠳᠦᠷᠢ ᠪᠠᠶᠢᠳᠠᠯ᠂ ᠠᠤᠭ᠎ᠠ ᠶᠡᠭᠡ ᠰᠤᠷᠤᠭᠴᠢ ᠶᠢᠨ ᠵᠠᠯᠠᠭᠤ ᠨᠠᠰᠤ ᠪᠠ | ᠠᠮᠢᠵᠢᠷᠠᠯ ᠤᠨ ᠬᠦᠴᠦᠨ ᠢ ᠪᠥᠵᠢᠭᠯᠡᠨ᠎ᠡ᠃ ᠵᠡᠭᠡᠯᠢ ᠶᠢᠨ ᠪᠥᠵᠢᠭ ᠤᠨ ᠮᠥᠷᠭᠦᠯᠳᠦᠯ ᠨᠢ ᠠᠳᠠᠯᠢ ᠪᠤᠰᠤ ᠣᠴᠢ ᠶᠢ | ᠨᠣᠴᠣᠭᠠᠵᠤ᠂ ᠠᠷᠪᠠ ᠭᠠᠷᠤᠶ ᠪᠢᠴᠢᠬᠠᠨ dancer ᠪᠦᠬᠦ ᠲᠠᠯᠠᠪᠠᠢ ᠶᠢᠨ ᠬᠠᠰᠬᠢᠷᠤᠯ ᠢ ᠳᠡᠭᠳᠡᠭᠡᠵᠦ᠂ | ᠬᠠᠯᠠᠭᠤᠮᠰᠤᠭ ᠳᠠᠪᠠᠯᠭᠠᠨ ᠲᠠᠰᠤᠷᠠᠯᠲᠠ ᠦᠭᠡᠢ ᠳᠠᠪᠠᠯᠭᠠᠯᠠᠨ᠎ᠠ᠃ ︽ᠵᠧᠨ ᠤ ᠨᠠᠮᠲᠠᠷ︾᠂ ︽ᠰᠡᠴᠡᠨ ᠰᠡᠷᠭᠦᠯᠡᠩ | ᠰᠢᠶᠤᠤ ᠮᠢᠩ︾ ᠵᠡᠷᠭᠡ ᠬᠤᠱᠣᠩ ᠱᠣᠭᠲᠠᠢ ᠵᠣᠬᠢᠶᠠᠯ ᠨᠢ ᠤᠯᠠᠨ ᠳᠤ ᠪᠠᠶᠠᠷ ᠪᠠᠭ᠋ᠠᠳᠤᠯ ᠢ ᠠᠪᠴᠢᠷᠠᠵᠤ ᠥᠭᠭᠦᠭᠰᠡᠨ | ᠪᠠᠶᠢᠨ᠎ᠠ᠃ | | | | | | | | | | | ᠦᠳᠡᠰᠢᠯᠡᠭᠡ ᠶᠢᠨ 15 ᠲᠦᠷᠦᠯ ᠵᠤᠶᠢᠯ ᠢ ᠪᠦᠷ ᠪᠠᠭᠰᠢ ᠪᠣᠯᠤᠨ ᠰᠤᠷᠤᠭᠴᠢᠳ ᠥᠪᠡᠰᠦᠪᠡᠨ ᠨᠠᠶᠢᠷᠠᠭᠤᠯᠵᠤ | ᠥᠪᠡᠰᠦᠪᠡᠨ ᠤᠳᠤᠷᠢᠳᠤᠨ᠎ᠠ᠂ ᠡᠰᠡᠬᠦᠯ᠎ᠡ ᠣᠷᠭᠢᠯᠤᠮ᠎ᠠ ᠰᠡᠳᠬᠢᠯᠭᠡ ᠲᠠᠢ ᠳᠠᠭᠤᠯᠠᠨ᠎ᠠ᠂ ᠡᠰᠡᠬᠦᠯ᠎ᠡ ᠬᠥᠳᠡᠯᠭᠡᠭᠡᠨᠲᠦ | ᠠᠮᠢᠵᠢᠷᠠᠯ ᠤᠨ ᠬᠦᠴᠦᠨ ᠲᠠᠢ ᠪᠥᠵᠢᠭ᠂ ᠡᠰᠡᠬᠦᠯ᠎ᠡ ᠱᠤᠭ ᠶᠦᠮᠦᠷᠯᠢᠭ ᠱᠤᠭ ᠵᠦᠴᠦᠭᠡ᠂ ᠴᠠᠷᠭᠢᠯ ᠬᠤᠯᠪᠣᠭ᠎ᠠ᠂ | ᠡᠰᠡᠬᠦᠯ᠎ᠡ ᠬᠥᠮᠦᠨ ᠢ ᠰᠣᠭᠲᠣᠷᠠᠭᠤᠯᠤᠮ᠎ᠠ ᠬᠥᠭᠵᠢᠮ ᠬᠥᠭᠵᠢᠮᠳᠡᠵᠦ᠂ ᠨᠢᠭᠡ ᠪᠦᠯᠦᠭ ᠭᠤᠶᠢᠳᠠ ᠰᠠᠶᠢᠬᠠᠨ | ᠪᠦᠲᠦᠭᠡᠯ ᠢ ᠡᠭᠡᠯᠵᠢᠯᠡᠨ ᠭᠠᠷᠭᠠᠨ᠎ᠠ᠃ ᠦᠳᠡᠰᠢᠯᠡᠭᠡ ᠶᠢᠨ ᠠᠬᠤᠢ ᠲᠠᠯᠠᠪᠠᠢ ᠳᠤ ᠦᠩᠭᠡ ᠢᠯᠭᠠᠷᠠᠵᠤ᠂ ᠭᠠᠵᠠᠷ | ᠪᠣᠯᠭᠠᠨ ᠳᠤ ᠰᠢᠨ᠎ᠡ ᠵᠢᠯ ᠤᠨ ᠠᠭᠤᠷ ᠠᠮᠢᠰᠬᠤᠯ ᠢᠶᠠᠷ ᠪᠢᠯᠬᠠᠨ᠎ᠠ᠃ | | | | | ᠬᠤᠷᠠᠯ ᠳᠡᠭᠡᠷ᠎ᠡ᠂ ᠬᠤᠩ ᠶᠤᠸᠠᠨ ᠳᠤᠮᠳᠠᠳᠤ ᠰᠤᠷᠭᠠᠭᠤᠯᠢ 2021 ᠣᠨ ᠤ ᠨᠢᠭᠡᠳᠦᠭᠡᠷ ᠬᠤᠭᠤᠴᠠᠭᠠᠨ ᠤ | ᠰᠢᠯᠢᠳᠡᠭ ᠳᠠᠪᠰᠢᠭᠰᠠᠨ ᠰᠤᠷᠤᠭᠴᠢᠳ ᠢ ᠬᠥᠬᠢᠭᠦᠯᠦᠨ ᠰᠠᠶᠢᠰᠢᠶᠠᠭᠰᠠᠨ ᠪᠥᠭᠡᠳ ᠱᠠᠩᠨᠠᠯ ᠭᠠᠷᠳᠠᠭᠤᠯᠪᠠ᠃ | | | | | | | | | | | | | | | | ᠬᠤᠩ ᠶᠤᠸᠠᠨ ᠳᠤᠮᠳᠠᠳᠤ ᠰᠤᠷᠭᠠᠭᠤᠯᠢ 2007 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ︽ | ᠤᠷᠢᠳ ᠢᠶᠠᠷ ᠬᠥᠮᠦᠨ ᠢ ᠬᠥᠮᠦᠵᠢᠭᠦᠯᠵᠦ ᠳᠠᠷᠠᠭ᠎ᠠ ᠨᠢ ᠪᠢᠴᠢᠭ ᠵᠢᠭᠠᠬᠤ᠂ ᠤᠷᠢᠳ ᠢᠶᠠᠷ ᠶᠣᠰᠣ ᠰᠤᠷᠲᠠᠬᠤᠨ ᠢ ᠪᠣᠶ | ᠪᠣᠯᠭᠠᠵᠤ ᠳᠠᠷᠠᠭ᠎ᠠ ᠨᠢ ᠡᠷᠳᠡᠮ ᠮᠡᠳᠡᠯᠭᠡ ᠰᠤᠷᠬᠤ᠂ ᠤᠷᠢᠳ ᠢᠶᠠᠷ ᠪᠡᠶ᠎ᠡ ᠪᠠᠨ ᠵᠠᠰᠠᠵᠤ ᠳᠠᠷᠠᠭ᠎ᠠ ᠨᠢ ᠰᠤᠷᠤᠯᠴᠠᠬᠤ︾ | ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠱᠠᠨ ᠰᠢ ᠶᠢᠨ ᠬᠤᠸᠠᠢ ᠷᠧᠨ ᠤ ᠲᠡᠷᠢᠭᠦᠨ ᠤ | ᠬᠠᠮᠢᠶᠠᠷᠤᠯᠲᠠ ᠶᠢᠨ ᠵᠠᠭᠪᠤᠷ ᠢ ᠣᠷᠣᠭᠤᠯᠤᠨ ᠠᠪᠴᠢᠷᠠᠵᠤ᠂ ᠰᠣᠷᠣᠭᠴᠢ ᠨᠢᠭᠡᠪᠦᠷᠢ ᠶᠢ ᠠᠩᠬᠠᠷᠤᠨ ᠬᠠᠯᠠᠮᠵᠢᠯᠠᠵᠤ᠂ | ᠰᠣᠷᠣᠭᠴᠢ ᠨᠢᠭᠡᠪᠦᠷᠢ ᠶᠢᠨ ᠳᠣᠲᠣᠭᠠᠳᠤ ᠳᠠᠯᠳᠠ ᠬᠦᠴᠦᠨ ᠢ ᠬᠥᠭᠵᠢᠭᠡᠵᠦ᠂ ᠰᠣᠷᠣᠭᠴᠢ ᠨᠢᠭᠡᠪᠦᠷᠢ ᠶᠢ ᠴᠥᠮ ᠪᠠᠶᠠᠷ | ᠬᠥᠷ ᠲᠠᠢ ᠪᠠᠷ ᠬᠥᠭᠵᠢᠭᠦᠯᠵᠦ᠂ ᠡᠷᠡᠭᠦᠯ ᠢᠶᠠᠷ ᠦᠰᠦᠨ ᠪᠤᠶᠢᠵᠢᠭᠤᠯᠵᠤ᠂ ᠨᠢᠭᠡ ᠪᠦᠯᠦᠭ ᠠᠩᠬ᠎ᠠ ᠵᠡᠷᠭᠡ ᠶᠢᠨ | ᠳᠤᠮᠳᠠᠳᠤ ᠰᠤᠷᠭᠠᠭᠤᠯᠢ ᠠᠴᠠ ᠲᠡᠭᠦᠰᠦᠭᠰᠡᠨ ᠰᠢᠯᠢᠳᠡᠭ ᠤᠶᠤᠲᠠᠳ ᠢ ᠬᠥᠮᠦᠵᠢᠭᠦᠯᠪᠡ᠂ ᠡᠨᠡ ᠪᠣᠯ ᠯᠢᠶᠠᠩᠴᠧᠩ | ᠰᠢᠶᠠᠨ ᠴᠢᠨᠠᠭᠰᠢᠯᠠᠪᠠᠯ ᠬᠤᠲᠠ ᠶᠢᠨ ᠳᠣᠲᠣᠷ᠎ᠠ ᠭᠠᠳᠠᠨᠠᠬᠢ ᠦᠶ ᠣᠯᠠᠨ ᠰᠤᠷᠤᠭᠴᠢᠳ ᠤᠨ ᠬᠦᠰᠡᠨ | ᠮᠥᠷᠥᠭᠡᠳᠦᠭᠰᠡᠭᠡᠷ ᠢᠷᠡᠭᠰᠡᠨ ᠬᠦᠰᠡᠯᠡᠩ ᠤᠨ ᠰᠤᠷᠭᠠᠭᠤᠯᠢ ᠪᠣᠯᠤᠨ᠎ᠠ᠃ 2017 ᠣᠨ ᠠᠴᠠ 2019 ᠣᠨ | ᠪᠣᠯᠲᠠᠯ᠎ᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ | ᠤᠯᠠᠭᠠᠨᠴᠠᠪ ᠬᠤᠲᠠ ᠶᠢᠨ ᠲᠠᠪᠤᠳᠤᠭᠠᠷ ᠲᠤ ᠣᠷᠣᠵᠤ᠂ 2020 ᠣᠨ ᠤ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠪᠠᠰᠠ ᠰᠢᠯᠢᠳᠡᠭ ᠬᠢᠷᠢ ᠪᠦᠲᠦᠮᠵᠢ ᠤᠯᠪᠠ᠂ ᠰᠢᠯᠭᠠᠯᠲᠠ ᠳᠤ | ᠣᠷᠣᠯᠴᠠᠭᠰᠠᠨ 174 ᠰᠢᠯᠭᠠᠭᠤᠯᠤᠭᠴᠢ ᠪᠦᠬᠦᠨ ᠢᠶᠠᠷ ᠢᠶᠠᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ | ᠳᠡᠪᠰᠢᠵᠦ᠂ ᠰᠤᠷᠭᠠᠭᠤᠯᠢ ᠳᠡᠪᠰᠢᠭᠰᠡᠨ ᠨᠣᠷᠮ᠎ᠠ ᠨᠢ ᠵᠠᠭᠤᠨ ᠤ ᠵᠠᠭᠤ ᠳᠤ ᠬᠥᠷᠪᠡ᠃ 2019 ᠣᠨ᠂ 2020 | ᠣᠨ ᠳᠤ ᠬᠤᠶᠠᠷ ᠵᠢᠯ ᠳᠠᠷᠠᠭᠠᠯᠠᠨ ᠯᠢᠶᠠᠩᠴᠧᠩ ᠰᠢᠶᠠᠨ ᠤ ︽ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ | ᠲᠡᠷᠢᠭᠦᠨ ᠤ ᠬᠠᠮᠲᠤ︾ ᠪᠠᠷ ᠦᠨᠡᠯᠡᠭᠳᠡᠪᠡ᠃ ︵ᠰᠤᠷᠪᠤᠯᠵᠢᠯᠠᠭᠴᠢ ᠰᠢᠤᠸᠠᠨ ᠽᠢ ᠬᠠᠨ︶ | | | ᠨᠠᠶᠢᠷᠠᠭᠤᠯᠤᠭᠴᠢ᠄ ᠭᠦᠸᠧ ᠬᠤᠩ ᠰᠢᠶᠠ ᠯᠢ ᠬᠤᠩ ᠢᠦᠢ | ᠤᠷᠴᠢᠭᠤᠯᠤᠭᠴᠢ᠄ ᠼᠦᠢ ᠴᠢᠩ |