ᠮᠠᠨ ᠤ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠳᠤᠮᠳᠠᠳᠤ ᠶᠢᠨ ᠦᠨᠳᠦᠰᠦᠲᠡᠨ ᠤ  ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠬᠤᠶᠠᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/12
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠬᠤᠯᠪᠣᠭᠳᠠᠯ ᠪᠥᠬᠦᠶ  ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠲᠤᠬᠠᠶ ᠣᠶᠢᠯᠠᠭᠠᠯᠲᠠ ᠪᠠ ᠡᠵᠡᠮᠰᠢᠯ ᠢᠶᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 1 ᠰᠠᠷ᠎ᠠ ᠶᠢᠨ 7 ᠤ ᠡᠳᠦᠷ᠂ ᠮᠠᠨ ᠤ ᠰᠢᠶᠠᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠬᠤᠶᠠᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃
         ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠢᠭᠡᠳᠦᠮᠡᠯ ᠹᠷᠣᠨᠲ ᠤᠨ ᠣᠨᠣᠯ ᠵᠢᠭᠠᠨ ᠰᠤᠳᠤᠯᠬᠤ ᠲᠠᠰᠤᠭ ᠤᠨ ᠪᠠᠭᠰᠢ ᠵᠠᠩ ᠰᠢᠶᠣᠣ ᠮᠧᠩ ᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠶ᠎ᠠ︾ ᠭᠡᠬᠦ ᠰᠡᠳᠦᠪ ᠢᠶᠠᠷ  ᠪᠤᠯᠪᠠᠰᠤᠷᠠᠭᠤᠯᠤᠯ ᠬᠢᠵᠦ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠲᠡᠦᠬᠡ᠂ ᠨᠡᠶᠢᠭᠡᠮ ᠵᠢᠴᠢ ᠴᠠᠭ ᠦᠶ᠎ᠡ ᠶᠢᠨ ᠬᠥᠭᠵᠢᠯᠲᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ ᠶᠢᠨ ᠴᠢᠬᠤᠯᠠ ᠴᠢᠨᠠᠷ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ ᠣᠳᠣᠬᠢ ᠪᠠᠶᠢᠳᠠᠯ᠂ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠵᠡᠷᠭᠡ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠶᠢᠨ  ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠦᠵᠡᠭᠦᠯᠬᠦ ᠴᠢᠬᠤᠯᠠ ᠶᠡᠭᠡ ᠨᠥᠯᠥᠭᠡ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠣᠳᠣᠷᠬᠠᠶᠢᠯᠠᠨ ᠥᠭᠦᠯᠡᠪᠡ᠃
        ᠲᠣᠰ ᠤᠳᠠᠭᠠᠨ ᠤ ᠪᠣᠯᠪᠠᠰᠤᠷᠠᠭᠤᠯᠤᠯ ᠤᠨ ᠵᠣᠷᠢᠯᠭ᠎ᠠ ᠨᠢ ᠪᠥᠬᠦ ᠰᠢᠶᠠᠨ ᠤ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠢ ᠬᠥᠲᠥᠯᠥᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ  ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ︾ ᠴᠢᠬᠤᠯᠠ ᠬᠦᠰᠡᠯ ᠨᠠᠶᠢᠳᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ︾ ᠶᠢ ᠡᠳᠦᠷ ᠲᠤᠲᠤᠮ ᠤᠨ ᠠᠵᠢᠯ ᠪᠠ ᠰᠤᠷᠤᠯᠴᠠᠯᠭ᠎ᠠ ᠳᠠᠭᠠᠨ ᠨᠡᠪᠴᠢᠭᠦᠯᠵᠦ᠂ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠠᠤᠭ᠎ᠠ ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠮᠤᠭ ᠤᠨ ᠬᠦᠴᠦᠷᠬᠡᠭ ᠲᠠᠭᠤᠨ ᠢ ᠬᠠᠩᠭᠢᠨᠠᠭᠤᠯᠬᠤ ᠶᠢᠨ ᠲᠥᠯᠥᠭᠡ ᠶᠤᠮ᠃
        ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠶᠣᠰᠣ ᠮᠣᠷᠠᠯ ᠤᠨ ᠬᠥᠮᠦᠵᠢᠯ ᠤᠨ ᠵᠢᠯᠣᠭᠤᠳᠬᠤ ᠲᠥᠪ ᠤᠨ ᠡᠷᠬᠢᠯᠡᠭᠴᠢ ᠸᠠᠩ ᠶᠤᠸᠠᠢ ᠯᠢᠨ ᠢᠯᠡᠷᠬᠡᠶᠢᠯᠡᠬᠦ ᠳᠡᠭᠡᠨ᠂ ᠪᠣᠯᠪᠠᠰᠤᠷᠠᠭᠤᠯᠤᠯ ᠰᠤᠷᠤᠯᠴᠠᠯᠭ᠎ᠠ ᠪᠠᠷ ᠳᠠᠮᠵᠢᠭᠤᠯᠤᠨ ᠠᠰᠢᠭ ᠲᠤᠰᠠ ᠪᠠᠭ᠎ᠠ ᠪᠤᠰᠤ ᠣᠯᠵᠤ᠂ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠶ ᠲᠠᠨᠢᠯᠲᠠ ᠪᠠ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠲᠠᠷᠠᠭᠠᠴᠢ ᠶᠢᠨ ᠠᠯᠬᠤᠮ ᠳᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠴᠢᠩᠭᠠᠳᠬᠠᠬᠤ ᠶᠢ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠰᠤᠷᠭᠠᠭᠤᠯᠢ ᠶᠢᠨ ᠵᠢᠭᠰᠠᠭᠠᠯ ᠤᠨ ᠭᠠᠵᠠᠷ ᠤᠨ  ᠤᠶᠢᠯᠡᠳᠤᠯ ᠢ  ᠭᠦᠢᠴᠡᠳ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠶᠠᠪᠤᠴᠠ ᠳᠤ ᠨᠡᠪᠴᠢᠭᠦᠯᠵᠦ᠂ ᠪᠠᠭᠰᠢ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠡᠬᠡ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ ᠪᠠ ᠲᠡᠦᠬᠡ ᠶᠢᠨ ᠦᠵᠡᠯᠲᠡ ᠲᠠᠢ ᠪᠣᠯᠭᠠᠨ᠎ᠠ᠃
    ᠣᠶᠢᠯᠠᠭᠠᠭᠰᠠᠨ ᠢᠶᠠᠷ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠤᠯᠤᠰ ᠲᠥᠷᠥ ᠶᠢᠨ ᠪᠠᠲᠤ ᠬᠦᠴᠦᠨ ᠪᠠ ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ ᠳᠡᠭᠡᠳᠦ ᠱᠠᠲᠤᠨ ᠤ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠭᠤᠷᠪᠠᠨ ᠬᠤᠭᠤᠴᠠᠭ᠎ᠠ ᠬᠤᠪᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠲᠤᠬᠠᠶ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠥᠷᠨᠢᠭᠦᠯᠬᠦ ᠪᠠᠷ ᠲᠥᠯᠥᠪᠯᠡᠵᠦ᠂ ᠪᠣᠯᠪᠠᠰᠤᠷᠠᠭᠤᠯᠤᠯ ᠨᠢ ᠲᠥᠪᠯᠡᠷᠡᠭᠦᠯᠦᠨ ᠪᠢᠲᠡᠭᠦᠮᠵᠢᠯᠡᠨ ᠰᠤᠷᠤᠯᠴᠠᠬᠤ᠂ ᠬᠤᠪᠢ ᠬᠥᠮᠦᠨ ᠪᠡᠶ᠎ᠡ ᠪᠠᠨ ᠳᠠᠭᠠᠭᠠᠵᠤ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠵᠤ ᠰᠤᠷᠤᠯᠴᠠᠬᠤ ᠵᠡᠷᠭᠡ ᠣᠯᠠᠨ ᠵᠤᠶᠢᠯ ᠤᠨ ᠬᠡᠯᠪᠡᠷᠢ ᠪᠠᠷ ᠳᠠᠮᠵᠢᠭᠤᠯᠤᠨ ᠪᠣᠯᠪᠠᠰᠤᠷᠠᠭᠤᠯᠤᠯ ᠳᠤ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠪᠣᠯᠤᠨ᠎ᠠ᠃
   ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠢᠦᠶ ᠬᠠᠶ ᠹᠧᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠢ ᠰᠡᠷᠭᠡᠶᠢᠯᠡᠨ ᠬᠤᠷᠢᠭᠯᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠳᠠᠯᠢ ᠳᠠᠪᠲᠠᠮᠵᠢ ᠪᠠᠷ ᠬᠠᠷᠢᠯᠴᠠᠨ  ᠤᠶᠢᠯᠡᠳᠤᠯᠴᠡᠬᠦ ᠬᠢᠴᠢᠶᠡᠯ ᠤᠨ ᠬᠡᠷ ᠢ ᠠᠰᠢᠭᠯᠠᠨ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠳᠤ ᠪᠠᠶᠢᠭ᠎ᠠ 1000 ᠭᠠᠷᠤᠶ ᠬᠢᠴᠢᠶᠡᠯ ᠤᠨ ᠬᠡᠷ ᠲᠤ ᠰᠦᠯᠵᠢᠶᠡᠨ ᠤ ᠪᠣᠯᠪᠠᠰᠤᠷᠠᠭᠤᠯᠤᠯ ᠬᠢᠵᠡᠶ᠃ ᠴᠠᠭᠠᠨ ᠰᠠᠷ᠎ᠠ ᠶᠢᠨ ᠳᠠᠷᠠᠭ᠎ᠠ ᠭᠤᠷᠪᠠᠳᠤᠭᠠᠷ ᠬᠤᠭᠤᠴᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠡᠷᠭᠢᠯᠡᠵᠦ᠂ ᠠᠵᠢᠯ ᠤᠨ ᠪᠠᠶᠢᠷᠢ ᠳᠤ ᠪᠠᠶᠢᠭ᠎ᠠ ᠪᠥᠬᠦ ᠪᠠᠭᠰᠢ ᠨᠠᠷ ᠲᠤ ᠪᠣᠯᠪᠠᠰᠤᠷᠠᠯ ᠬᠦᠷᠲᠡᠭᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃  ︵ᠰᠤᠷᠪᠤᠯᠵᠢᠯᠠᠭᠴᠢ ᠵᠠᠩ ᠰᠢᠶᠤᠤ ᠢᠩ  ︶                                                         ᠨᠠᠶᠢᠷᠠᠭᠤᠯᠤᠭᠴᠢ᠄ ᠭᠦᠸᠧ ᠬᠤᠩ ᠰᠢᠶᠠ     ᠯᠢ ᠬᠤᠩ ᠢᠦᠢ                                 ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2