ᠲᠠᠭ᠎ᠠ ᠶᠢᠨ ᠨᠠᠭᠤᠷ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠶᠡᠭᠡ ᠳᠣᠲᠣᠭᠠᠳᠤ | ᠬᠠᠭᠤᠷᠠᠢ ᠶᠢᠨ ᠨᠠᠭᠤᠷ ᠴᠥᠭᠦᠷᠥᠮ ᠤᠨ ᠨᠢᠭᠡ ᠪᠣᠯᠤᠨ᠎ᠠ᠂ ᠤᠯᠤᠰ ᠠᠴᠠ ᠲᠥᠯᠥᠪᠵᠢᠭᠦᠯᠭᠡ ᠶᠢᠨ ᠬᠠᠮᠠᠭᠠᠯᠠᠯᠲᠠ ᠳᠤ | ᠣᠷᠣᠭᠤᠯᠤᠭᠰᠠᠨ 365 ᠰᠠᠶᠢᠨ ᠨᠠᠭᠤᠷ ᠴᠥᠭᠦᠷᠥᠮ ᠤᠨ ᠨᠢᠭᠡ ᠪᠣᠯᠤᠨ᠎ᠠ᠂ ᠯᠢᠶᠠᠩᠴᠧᠩ ᠰᠢᠶᠠᠨ ᠤ ᠠᠷᠠᠳ | ᠲᠦᠮᠡᠨ ᠲᠠᠭ᠎ᠠ ᠶᠢᠨ ᠨᠠᠭᠤᠷ ᠢ ᠡᠬᠡ ᠨᠠᠭᠤᠷ ᠭᠡᠵᠦ ᠦᠵᠡᠳᠡᠭ᠃ ᠣᠶᠢᠷ᠎ᠠ ᠶᠢᠨ ᠵᠢᠯ ᠤᠳ ᠲᠤ ᠬᠤᠷ᠎ᠠ ᠲᠤᠨᠳᠠᠰᠤᠨ ᠤ | ᠬᠡᠮᠵᠢᠶ᠎ᠡ ᠪᠠᠭᠠᠰᠤᠭᠰᠠᠨ ᠪᠠ ᠠᠵᠤ ᠦᠢᠯᠡᠳᠪᠤᠷᠢ ᠲᠠᠷᠢᠶᠠᠯᠠᠩ ᠤᠨ ᠦᠢᠢᠯᠡᠳᠪᠤᠷᠢᠯᠡᠯ ᠳᠤ ᠬᠡᠷᠡᠭᠯᠡᠬᠦ ᠤᠰᠤ | ᠨᠡᠮᠡᠭᠳᠡᠭᠰᠡᠨ ᠠᠴᠠ ᠪᠣᠯᠵᠣ᠂ ᠨᠠᠭᠤᠷ ᠤᠨ ᠨᠢᠭᠤᠷ ᠤᠨ ᠲᠠᠯᠠᠪᠠᠶ ᠲᠦᠷᠭᠡᠨ ᠢᠶᠠᠷ ᠠᠪᠴᠢᠭᠰᠠᠨ ᠪᠠᠶᠢᠨ᠎ᠠ᠂ ᠬᠡᠷᠪᠡ | ᠬᠦᠴᠦᠲᠡᠶ ᠠᠷᠭ᠎ᠠ ᠬᠡᠮᠵᠢᠶ᠎ᠡ ᠠᠪᠴᠤ ᠬᠠᠮᠠᠭᠠᠯᠠᠬᠤ ᠥᠬᠡᠶ ᠪᠣᠯ᠂ ᠮᠠᠨ ᠤ ᠣᠷᠣᠰᠢᠨ ᠠᠮᠢᠳᠤᠷᠠᠵᠤ ᠪᠠᠶᠢᠭ᠎ᠠ ᠡᠬᠡ | ᠨᠠᠭᠤᠷ ᠬᠠᠳᠠᠵᠤ ᠰᠢᠷᠭᠢᠬᠦ ᠬᠦᠴᠢᠷᠳᠡᠯ ᠳᠤ ᠲᠤᠯᠭᠠᠷᠠᠬᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ︽ᠲᠠᠭ᠎ᠠ ᠶᠢᠨ ᠨᠠᠭᠤᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ | ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠬᠤ︾ ︵2017︶ ᠬᠤᠷᠠᠯ ᠤᠨ ᠲᠣᠪᠴᠢ ᠲᠡᠮᠳᠡᠭᠯᠡᠯ ᠤᠨ ᠵᠣᠷᠢᠭ | ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠰᠢᠶᠠᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ 2016᠂ 2017 ᠣᠨ ᠳᠤ ᠲᠠᠭ᠎ᠠ ᠶᠢᠨ ᠨᠠᠭᠤᠷ ᠤᠨ ᠡᠷᠭᠢᠨ | ᠲᠣᠭᠤᠷᠢᠨ ᠳᠤ ︽ᠤᠰᠤ ᠶᠢ ᠭᠠᠩ ᠬᠠᠭᠤᠷᠠᠶ ᠪᠣᠯᠭᠠᠬᠤ︾ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠵᠦᠨ | ᠱᠢᠩ ᠦᠨᠳᠦᠷ ᠬᠤᠷᠳᠤᠴᠠᠲᠤ ᠵᠠᠰᠠᠮᠠᠯ ᠵᠠᠮ ᠠᠴᠠ ᠡᠮᠦᠨᠡᠰᠢ᠂ ᠬᠦ᠋ ᠶᠠᠩ ᠵᠠᠮᠡᠴᠠ ᠤᠮᠠᠷᠠᠰᠢ᠂ ᠯᠢᠶᠠᠩᠱᠦ᠋ᠢ | ᠵᠠᠮ ᠠᠴᠠ ᠵᠡᠭᠦᠨᠰᠢ᠂ ᠮᠧᠶ ᠳ᠋ᠠᠶ ᠵᠠᠮ ᠠᠴᠠ ᠪᠠᠷᠠᠭᠤᠨᠰᠢ᠂ ᠳ᠋ᠠᠢ ᠬᠦ᠋ ᠵᠠᠮ ᠠᠴᠠ ᠤᠮᠠᠷᠠᠰᠢ ᠪᠠᠨ ᠵᠠᠭᠠᠭ ᠪᠣᠯᠭᠠᠵᠤ ︵ | ᠳᠣᠷᠣᠭᠰᠢ ᠬᠤᠶᠠᠷ ᠲᠣᠭᠤᠷᠢᠭ ᠭᠡᠵᠦ ᠲᠣᠪᠴᠢᠯᠠᠨ᠎ᠠ︶᠂ ᠲᠣᠰ ᠲᠠᠭ᠎ᠠ ᠶᠢᠨ ᠨᠠᠭᠤᠷ ᠤᠨᠰᠠᠪᠠ ᠭᠠᠵᠠᠷ ᠤᠨ | ᠦᠯᠡᠳᠡᠭᠰᠡᠨ ᠤᠰᠤᠯᠠᠯᠲᠠ ᠶᠢᠨ ᠭᠠᠵᠠᠷ ᠲᠤ ᠴᠥᠮ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠶᠢ | ᠬᠡᠷᠡᠭᠵᠢᠭᠦᠯᠵᠦ᠂ ᠬᠠᠭᠤᠷᠠᠶ ᠲᠠᠷᠢᠶᠠᠯᠠᠩ ᠢ ᠬᠥᠭᠵᠢᠭᠦᠯᠦᠨ᠂ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ | ᠠᠷᠪᠢᠯᠠᠵᠤ᠂ ᠲᠠᠭ᠎ᠠ ᠶᠢᠨ ᠨᠠᠭᠤᠷ ᠤᠨ ᠲᠡᠯᠡᠶ ᠶᠢᠨ ᠤᠰᠤᠨ ᠤ ᠠᠮᠢ ᠠᠬᠤᠶ ᠶᠢ ᠬᠠᠮᠠᠭᠠᠯᠠᠨ᠎ᠠ᠃ ᠡᠨᠡᠬᠦ ᠵᠣᠷᠢᠯᠭ᠎ᠠ ᠶᠢᠨ | ᠬᠡᠷᠡᠭᠵᠢᠭᠦᠯᠦᠯᠲᠡ ᠶᠢ ᠬᠦᠴᠦᠲᠡᠶ ᠠᠬᠢᠭᠤᠯᠬᠤ ᠶᠢᠨ ᠲᠤᠰᠠᠳᠠ᠂ ᠣᠨᠴᠣᠭᠤᠶᠢᠯᠠᠨ ᠲᠤᠰ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠰᠡᠳᠬᠢᠴᠡ | ︽ᠲᠦᠷᠪᠡ ᠶᠢ ᠤᠶᠠᠯᠳᠤᠭᠤᠯᠬᠤ︾ ᠪᠠᠷ ᠭᠤᠣᠯ ᠪᠣᠯᠭᠠᠨ᠎ᠠ᠂ ᠲᠤᠬᠠᠶᠢᠯᠠᠪᠠᠯ ᠲᠠᠭ᠎ᠠ ᠶᠢᠨ ᠨᠠᠭᠤᠷ ᠤᠨ ᠠᠮᠢ | ᠠᠬᠤᠶ ᠶᠢᠨ ᠬᠠᠮᠠᠭᠠᠯᠠᠯᠲᠠ ᠲᠠᠢ ᠤᠶᠠᠯᠳᠤᠭᠤᠯᠬᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ | ᠲᠥᠯᠥᠪᠵᠢᠭᠦᠯᠭᠡ ᠲᠠᠢ ᠤᠶᠠᠯᠳᠤᠭᠤᠯᠬᠤ᠂ ᠲᠠᠷᠢᠶᠠᠴᠢᠨ ᠡᠷᠤᠭᠡ ᠶᠢᠨ ᠬᠤᠷᠢᠶᠠᠯᠲᠠ ᠪᠠᠨ ᠬᠠᠰᠤᠭᠳᠠᠭᠤᠯᠬᠤ ᠠᠴᠠ | ᠪᠢᠰᠢ ᠣᠷᠣᠯᠭ᠎ᠠ ᠪᠠᠨ ᠬᠠᠰᠤᠭᠳᠠᠭᠤᠯᠬᠤ ᠦᠭᠡᠢ ᠪᠠᠶᠢᠬᠤ ᠲᠠᠢ ᠤᠶᠠᠯᠳᠤᠭᠤᠯᠬᠤ᠂ ᠬᠥᠳᠡᠭᠡ ᠲᠣᠰᠬᠤᠨ ᠤ ᠦᠯᠡᠭᠦᠦ | ᠬᠥᠳᠡᠯᠮᠦᠷᠢ ᠶᠢᠨ ᠬᠦᠴᠦᠨ ᠤ ᠰᠢᠯᠵᠢᠯᠲᠡ ᠲᠠᠢ ᠤᠶᠠᠯᠳᠤᠭᠤᠯᠬᠤ ᠵᠡᠷᠭᠡ ᠪᠣᠯᠤᠨ᠎ᠠ᠃ ᠲᠠᠭ᠎ᠠ ᠶᠢᠨ ᠨᠠᠭᠤᠷ ᠤᠨ | ᠰᠠᠪᠠ ᠭᠠᠵᠠᠷ ᠤᠨ ᠳᠣᠲᠣᠷᠠᠬᠢ ᠤᠰᠤᠯᠠᠯᠲᠠ ᠶᠢᠨ ᠭᠠᠵᠠᠷ ᠲᠤ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ | ︾ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠤᠰᠤ ᠠᠷᠪᠢᠯᠠᠬᠤ ᠶᠢ ᠪᠡᠶᠡᠯᠡᠭᠦᠯᠵᠦ᠂ | ᠲᠠᠭ᠎ᠠ ᠶᠢᠨ ᠨᠠᠭᠤᠷ ᠢ ᠪᠦᠲᠦᠮᠵᠢᠲᠡᠶ ᠬᠠᠮᠠᠭᠠᠯᠠᠨ᠎ᠠ᠃ | ᠬᠤᠶᠠᠷ᠂ ᠬᠡᠷᠡᠭᠵᠢᠭᠦᠯᠬᠦ ᠠᠭᠤᠯᠭ᠎ᠠ | 1᠂ ᠬᠡᠷᠡᠭᠵᠢᠭᠦᠯᠬᠦ ᠬᠡᠪᠴᠢᠶ᠎ᠡ᠂ ᠡᠭᠦᠷᠭᠡ᠃ 2016᠂ 2017 ᠣᠨ ᠳᠤ ︽ᠤᠰᠤ ᠶᠢ ᠭᠠᠩ ᠬᠠᠭᠤᠷᠠᠶ | ᠪᠣᠯᠭᠠᠨ ᠥᠭᠡᠷᠡᠴᠢᠯᠡᠬᠦ︾ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠡᠨᠡ ᠵᠢᠯ ᠬᠤᠩ ᠮᠤᠤ ᠪᠠᠯᠭᠠᠰᠤ᠂ | ᠮᠠᠶᠢᠬᠤᠳᠤ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ᠂ ᠳ᠋ᠠᠶ ᠬᠠᠶ ᠪᠠᠯᠭᠠᠰᠤ ᠶᠢᠨ ᠬᠤᠶᠠᠳᠤᠭᠠᠷ ᠲᠣᠭᠤᠷᠢᠭ | ᠣᠷᠣᠨ ᠤ ᠦᠯᠡᠳᠡᠭᠰᠡᠨ ᠤᠰᠤᠯᠠᠯᠲᠠ ᠶᠢᠨ ᠭᠠᠵᠠᠷ ᠲᠤ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠶᠢ | ᠬᠡᠷᠡᠭᠵᠢᠭᠦᠯᠵᠦ᠂ 2018 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ ︽ᠤᠰᠤ ᠶᠢ ᠭᠠᠩ ᠬᠠᠭᠤᠷᠠᠶ ᠪᠣᠯᠭᠠᠨ | ᠥᠭᠡᠷᠡᠴᠢᠯᠡᠬᠦ︾ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | 2᠂ ᠬᠡᠷᠡᠭᠵᠢᠭᠦᠯᠬᠦ ᠠᠷᠭ᠎ᠠ᠃ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠲᠥᠷᠥᠯ ᠵᠦᠢᠯ ᠢ | ᠬᠡᠷᠡᠭᠵᠢᠭᠦᠯᠬᠦ ᠬᠡᠪᠴᠢᠶᠡᠨ ᠳᠤ ᠬᠠᠷᠢᠶᠠᠯᠠᠭᠳᠠᠬᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢ | ᠳᠠᠭᠠᠭᠠᠴᠢᠯᠠᠭᠤᠯᠤᠭᠰᠠᠨ ᠤ ᠳᠠᠷᠠᠭᠠᠬᠢ ᠭᠠᠶᠢᠯᠢ ᠪᠤᠳᠤᠬᠤ ᠭᠠᠵᠠᠷ ᠰᠢᠷᠣᠶ ︵ᠠᠲᠠᠷ ᠬᠠᠭᠠᠯᠪᠤᠷᠢᠯᠠᠭᠰᠠᠨ ᠭᠠᠵᠠᠷ | ᠪᠠᠭᠲᠠᠬᠤ ᠥᠬᠡᠶ︶ ᠶᠢ ᠪᠠᠶᠢᠭ᠎ᠠ ᠰᠢᠶᠠᠩ ᠪᠠᠯᠭᠠᠰᠤ ᠠᠴᠠ ᠭᠠᠴᠠᠭᠠᠨ ᠤ ᠠᠷᠠᠳ ᠤᠨ ᠵᠥᠪᠯᠡᠯ ᠢ ᠵᠢᠯᠣᠭᠤᠳᠴᠤ | ᠪᠠᠶᠢᠭᠠᠳ ︽ ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠶᠢ ᠬᠡᠷᠡᠭᠵᠢᠭᠦᠯᠦᠨ᠎ᠡ᠃ ᠰᠢᠶᠠᠩ ᠪᠠᠯᠭᠠᠰᠤ ᠪᠠ | ᠭᠠᠴᠠᠭᠠᠨ ᠤ ᠠᠷᠠᠳ ᠤᠨ ᠵᠥᠪᠯᠡᠯ ᠠᠴᠠ ᠲᠠᠷᠢᠶᠠᠴᠢᠨ ᠡᠷᠦᠬᠡ ᠲᠠᠢ ᠬᠡᠯᠡᠯᠴᠡᠭᠡᠷ ᠲᠣᠭᠲᠠᠵᠤ᠂ ᠭᠠᠵᠠᠷ ᠰᠢᠷᠣᠶ ᠶᠢ | ᠮᠥᠨ ᠯᠡ ᠲᠠᠷᠢᠶᠠᠴᠢᠨ ᠡᠷᠦᠬᠡ ᠠᠴᠠ ᠡᠵᠡᠩᠨᠡᠵᠦ᠂ ᠤᠰᠤᠨ ᠭᠠᠵᠠᠷ ᠢ ᠲᠦᠢᠯᠪᠤᠷᠢᠲᠠᠶ ᠬᠠᠭᠤᠷᠠᠶ ᠭᠠᠵᠠᠷ ᠪᠣᠯᠭᠠᠨ | ᠬᠤᠪᠢᠷᠠᠭᠤᠯᠵᠤ᠂ ᠲᠠᠷᠢᠶᠠᠴᠢᠨ ᠡᠷᠦᠬᠡ ᠳᠤ ᠭᠠᠵᠠᠷ ᠰᠢᠷᠣᠶ ᠶᠢᠨ ᠠᠰᠢᠭ ᠣᠷᠣᠯᠭ᠎ᠠ ᠶᠢᠨ ᠵᠥᠷᠢᠶᠡᠲᠦ ᠲᠣᠭᠠᠨ ᠤ | ᠨᠥᠬᠦᠪᠥᠷᠢ ᠥᠭᠴᠦ᠂ ᠵᠢᠯ ᠬᠤᠪᠢᠶᠠᠨ ᠨᠥᠬᠦᠪᠥᠷᠢ ᠥᠭᠬᠦ ᠠᠷᠭ᠎ᠠ ᠶᠢ ᠠᠪᠤᠨ᠎ᠠ᠂ ᠪᠣᠳᠠᠲᠠᠶ ᠨᠥᠬᠦᠪᠥᠷᠢ ᠥᠭᠬᠦ | ᠪᠠᠷᠢᠮᠵᠢᠶ᠎ᠠ ᠨᠢ ᠵᠢᠯ ᠪᠦᠷᠢ 300 ᠲᠥᠭᠦᠷᠢᠭ / ᠮᠦ ᠨᠥᠬᠦᠪᠥᠷᠢ ᠥᠭᠭᠦᠨ᠎ᠡ᠃ ︽ᠤᠰᠤ ᠶᠢ ᠭᠠᠩ ᠬᠠᠭᠤᠷᠠᠶ | ᠪᠣᠯᠭᠠᠨ ᠥᠭᠡᠷᠡᠴᠢᠯᠡᠬᠦ︾ ᠲᠦᠷᠦᠯ ᠵᠦᠢᠯ ᠤᠨ ᠣᠷᠣᠨ ᠳᠣᠲᠣᠷ᠎ᠠ ᠵᠢᠭᠰᠠᠭᠠᠭᠳᠠᠭᠰᠠᠨ ᠤᠳᠤ ᠪᠠᠶᠢᠭ᠎ᠠ ᠮᠠᠰᠢᠨ | ᠴᠠᠬᠢᠯᠭᠠᠨ ᠬᠤᠳᠳᠤᠭ ᠪᠦᠬᠦᠨ ᠢ ᠴᠥᠮ ᠬᠠᠭᠠᠵᠤ ᠪᠢᠲᠡᠭᠦᠮᠵᠢᠯᠡᠨ ᠵᠣᠭᠰᠣᠭᠠᠬᠤ ᠶᠢᠨ ᠬᠠᠮᠲᠤ ᠮᠠᠰᠢᠨ ᠴᠠᠬᠢᠯᠭᠠᠨ | ᠬᠤᠳᠳᠤᠭ ᠢ ᠰᠢᠨ᠎ᠡ ᠪᠠᠷ ᠮᠠᠯᠲᠠᠵᠤ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠵᠤ ᠪᠣᠯᠬᠤ ᠦᠭᠡᠢ᠂ ᠪᠤᠢ | ᠪᠦᠬᠦᠢ ᠤᠰᠤᠨ ᠴᠥᠭᠦᠷᠥᠮ ᠨᠢ ᠤᠰᠤ ᠬᠠᠳᠠᠭᠠᠯᠠᠨ ᠤᠰᠤᠯᠠᠵᠤ ᠪᠣᠯᠬᠤ ᠦᠭᠡᠢ᠃ ᠥᠩᠭᠡᠷᠡᠭᠰᠡᠨ ᠤ ᠥᠪᠡᠷ ᠢᠶᠠᠨ | ᠮᠠᠯᠲᠠᠭᠰᠠᠨ ᠬᠤᠳᠳᠤᠭ ᠲᠤ ᠵᠢᠯ ᠪᠦᠷᠢ 3000 ᠲᠥᠭᠦᠷᠢᠭ ᠢᠶᠠᠷ ᠪᠤᠳᠤᠵᠤ᠂ ᠲᠥᠷᠥᠯ ᠵᠦᠢᠯ ᠤᠨ | ᠬᠤᠳᠳᠤᠭ ᠲᠤ ᠵᠢᠯ ᠪᠦᠷᠢ 2000 ᠲᠥᠭᠦᠷᠢᠭ ᠢᠶᠠᠷ ᠨᠥᠬᠦᠪᠥᠷᠢ ᠥᠭᠭᠦᠨ᠎ᠡ᠃ ᠲᠥᠷᠥᠯ ᠵᠦᠢᠯ ᠤᠨ | ᠲᠣᠭᠤᠷᠢᠭ ᠤᠨ ᠳᠣᠲᠣᠷᠠᠬᠢ ᠥᠪᠡᠷᠲᠡᠭᠡᠨ ᠬᠠᠤᠯᠢ ᠪᠤᠰᠤ ᠪᠠᠷ ᠬᠠᠭᠠᠯᠪᠤᠷᠢᠯᠠᠭᠰᠠᠨ᠂ ᠡᠵᠡᠩᠨᠡᠭᠰᠡᠨ ᠭᠠᠵᠠᠷ ᠰᠢᠷᠣᠶ | ᠪᠦᠬᠦᠨ ᠢ ᠬᠠᠤᠯᠢ ᠴᠠᠭᠠᠵᠠ ᠪᠠᠷ ᠬᠠᠮᠠᠭᠠᠯᠠᠬᠤ ᠥᠬᠡᠶ᠂ ᠨᠥᠬᠦᠪᠥᠷᠢ ᠥᠭᠬᠦ ᠥᠬᠡᠶ᠂ ᠵᠠᠰᠠᠭ ᠤᠨ ᠣᠷᠳᠣᠨ ᠠᠴᠠ | ᠦᠨ᠎ᠡ ᠲᠥᠯᠥᠪᠦᠷᠢ ᠥᠬᠡᠶ ᠪᠠᠷ ᠬᠤᠷᠢᠶᠠᠨ ᠠᠪᠤᠨ᠎ᠠ᠃ | ᠭᠤᠷᠪᠠ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠬᠤᠩ ᠮᠤᠤ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ᠂ ᠮᠠᠶᠢᠬᠤᠳᠤ ᠪᠠᠯᠭᠠᠰᠤ᠂ ᠳ᠋ᠠᠢ ᠬᠠᠢ ᠪᠠᠯᠭᠠᠰᠤ ᠨᠤᠭᠤᠳ | ᠡᠯ᠎ᠡ ᠲᠣᠰᠬᠤᠨ ᠳᠤᠭᠤᠶᠢᠯᠠᠩ ᠤᠨ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠲᠥᠷᠥᠯ ᠵᠦᠢᠯ ᠢ | ᠵᠢᠯᠣᠭᠤᠳᠴᠤ ᠬᠢᠨᠠᠨ ᠬᠠᠮᠢᠶᠠᠷᠬᠤ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠶ᠃ ᠤᠤᠯ ᠤᠨ ᠬᠤᠶᠠᠳᠤᠭᠠᠷ | ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠬᠡ ᠳᠠᠩᠰᠠ ᠶᠢᠨ ᠶᠣᠰᠣᠭᠠᠷ᠂ ᠲᠠᠷᠢᠶᠠᠴᠢᠨ ᠡᠷᠦᠬᠡ ᠶᠢᠨ | ᠭᠠᠵᠠᠷ ᠰᠢᠷᠣᠶ᠂ ᠲᠠᠯᠠᠪᠠᠢ ᠶᠢ ᠨᠠᠷᠢᠨ ᠬᠢᠨᠠᠮᠠᠭᠠᠶ ᠬᠢᠨᠠᠨ ᠮᠠᠭᠠᠳᠯᠠᠵᠤ᠂ ᠡᠬᠡ ᠳᠠᠩᠰᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠤᠰᠬᠠᠶ ᠬᠥᠮᠦᠨ ᠢᠶᠠᠷ ᠬᠠᠮᠢᠶᠠᠷᠤᠭᠤᠯᠵᠤ᠂ ᠠᠲᠠᠷ ᠬᠠᠭᠠᠯᠪᠤᠷᠢᠯᠠᠭᠰᠠᠨ᠂ ᠡᠵᠡᠨ ᠦᠭᠡᠢ | ᠭᠠᠵᠠᠷ ᠪᠠ ᠭᠡᠷ ᠪᠠᠶᠢᠰᠢᠩ ᠤᠨ ᠠᠷᠤ ᠥᠪᠥᠷ ᠲᠤ ᠪᠦᠬᠦ ᠭᠠᠴᠠᠭ᠎ᠠ ᠶᠢ ᠵᠠᠯᠭᠠᠯᠳᠤᠭᠤᠯᠤᠨ ᠲᠠᠷᠢᠬᠤ ᠳᠤ ᠠᠰᠢᠭ | ᠦᠭᠡᠢ ᠲᠠᠷᠠᠬᠠᠶ ᠪᠤᠲᠠᠷᠬᠠᠶ ᠭᠠᠵᠠᠷ ᠢ ᠡᠷᠡᠰ ᠠᠷᠢᠯᠭᠠᠵᠤ᠂ ᠵᠢᠯ ᠤᠨ ᠡᠴᠦᠰ ᠲᠤ ᠨᠥᠬᠦᠪᠥᠷᠢ ᠶᠢ ᠥᠭᠬᠦ ᠦᠶ᠎ᠡ ᠳᠤ | ᠪᠣᠳᠠᠲᠠᠶ ︽ᠤᠰᠤ ᠶᠢ ᠭᠠᠩᠳᠠᠭᠤᠯᠤᠭᠰᠠᠨ︾ ᠲᠠᠯᠠᠪᠠᠢ ᠪᠠᠷ ᠪᠡᠯᠡᠨ ᠵᠣᠭᠤᠰ ᠪᠣᠯᠭᠠᠬᠤ ᠬᠡᠷᠡᠭᠲᠡᠶ︔ ᠮᠠᠰᠢᠨ | ᠴᠠᠬᠢᠯᠭᠠᠨ ᠤ ᠬᠤᠳᠳᠤᠭ ᠤᠨ ᠨᠥᠬᠦᠪᠥᠷᠢ ᠶᠢᠨ ᠲᠠᠯ᠎ᠠ ᠪᠠᠷ ᠥᠪᠡᠷ ᠢᠶᠠᠨ ᠮᠠᠯᠲᠠᠭᠰᠠᠨ ᠬᠤᠳᠳᠤᠭ ᠪᠠ ᠪᠠᠷᠢᠯᠭ᠎ᠠ ᠶᠢᠨ | ᠵᠦᠢᠯ ᠤᠨ ᠬᠤᠳᠳᠤᠭ ᠢ ᠴᠢᠩᠭ᠎ᠠ ᠢᠯᠭᠠᠬᠤ ᠬᠡᠷᠡᠭᠲᠡᠶ᠃ ᠲᠣᠰ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠪᠠ | ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ | ᠵᠥᠪᠯᠡᠯ᠂ ᠡᠳ᠋ ᠤᠨ ᠵᠠᠰᠠᠭ᠂ ᠬᠢᠨᠠᠨ ᠪᠤᠳᠤᠬᠤ᠂ ᠲᠠᠷᠢᠶᠠᠯᠠᠩ᠂ ᠤᠰᠤᠨ ᠠᠰᠢᠭᠯᠠᠯᠲᠠ᠂ ᠣᠶ ᠰᠢᠭᠤᠶ᠂ ᠭᠠᠵᠠᠷ | ᠰᠢᠷᠣᠶ ᠶᠢᠨ ᠡᠷᠭᠢᠯᠲᠡ ᠶᠢᠨ ᠺᠣᠮᠫᠠᠨᠢ ᠨᠢ ᠬᠤᠯᠪᠣᠭᠳᠠᠬᠤ ᠰᠢᠶᠠᠩ ᠪᠠᠯᠭᠠᠰᠤ ᠶᠢ ᠲᠣᠭᠲᠠᠮᠠᠯ ᠬᠤᠭᠤᠴᠠᠭ᠎ᠠ ᠲᠠᠢ ᠪᠠᠷ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠥᠬᠦ ᠲᠠᠯ᠎ᠠ ᠪᠠᠷ ᠰᠢᠪᠠᠳᠠᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ | ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠠᠰᠠᠭᠤᠳᠠᠯ ᠢ ᠢᠯᠡᠷᠡᠭᠦᠯᠪᠡᠯ᠂ ᠬᠤᠯᠪᠣᠭᠳᠠᠯ ᠪᠥᠬᠦᠶ ᠤᠳᠤᠷᠢᠳᠤᠯᠭ᠎ᠠ | ᠪᠠ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | |