11 ᠰᠠᠷ᠎ᠠ ᠳᠤ᠂ ᠡᠲᠡᠭᠡᠷ ᠰᠢᠨ᠎ᠡ ᠲᠣᠭᠲᠠᠭᠠᠯ ᠨᠢ ᠲᠠ ᠪᠢᠳᠡᠨ ᠤ ᠠᠮᠢᠳᠤᠷᠠᠯ ᠢ ᠨᠥᠯᠥᠭᠡᠯᠡᠬᠦ ᠪᠣᠯᠤᠨ᠎ᠠ
ᠨᠡᠶᠢᠲᠡᠯᠡᠭᠰᠡᠨ ᠴᠠᠭ᠄
2021/11/4
     1 ᠤ ᠡᠳᠦᠷ ᠠᠴᠠ ᠡᠬᠢᠯᠡᠨ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠳᠤ ᠬᠠᠤᠯᠢ ᠴᠠᠭᠠᠵᠠ ᠶᠢᠨ ︽ᠠᠮᠤᠷ ᠲᠦᠪᠰᠢᠨ ᠤ ᠣᠨᠢᠰᠤ︾ ᠲᠠᠢ ᠪᠣᠯᠪᠠ︕    ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠶᠢ 11 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠲᠤᠰ ᠬᠠᠤᠯᠢ ᠨᠡᠶᠢᠲᠡ ᠨᠠᠢᠮᠠᠨ ᠪᠦᠯᠦᠭ ᠳᠠᠯᠠᠨ ᠳᠥᠷᠪᠡᠨ ᠵᠦᠢᠯ ᠲᠠᠢ᠂ ᠬᠤᠪᠢ ᠬᠥᠮᠦᠨ ᠤ ᠮᠡᠳᠡᠭᠡ ᠵᠠᠩᠭᠢ ᠪᠠ ᠰᠡᠷᠭᠡᠭ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠳᠦᠷᠢᠮ ᠢ ᠲᠣᠳᠣᠷᠬᠠᠶᠢᠯᠠᠵᠤ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠨ ᠵᠠᠭᠠᠯᠳᠤᠬᠤ᠂ ᠢᠯᠡᠴᠢᠯᠡᠨ ᠮᠡᠳᠡᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠵᠦ᠂ ᠴᠢᠨᠦ ᠮᠡᠳᠡᠭᠡ ᠵᠠᠩᠭᠢ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠭᠡᠳ ᠪᠤᠰᠤᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠵᠤ᠂ ᠬᠡᠷᠡᠭᠯᠡᠵᠦ᠂ ᠪᠣᠯᠪᠠᠰᠤᠷᠠᠭᠤᠯᠵᠤ᠂ ᠳᠠᠮᠵᠢᠭᠤᠯᠵᠤ ᠪᠣᠯᠬᠤ ᠥᠬᠡᠶ᠂ ᠪᠤᠰᠤᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠬᠤᠳᠠᠯᠳᠤᠭᠠᠯᠠᠬᠤ᠂ ᠬᠠᠩᠭᠠᠬᠤ ᠪᠤᠶᠤ ᠢᠯᠡ ᠪᠣᠯᠭᠠᠵᠤ ᠪᠣᠯᠬᠤ ᠥᠬᠡᠶ︔ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠭᠴᠢ ᠬᠤᠪᠢ ᠬᠥᠮᠦᠨ ᠤ ᠮᠡᠳᠡᠭᠡ ᠵᠠᠩᠭᠢ ᠶᠢ ᠠᠰᠢᠭᠯᠠᠨ ᠠᠦ᠋ᠲ᠋ᠣᠴᠢᠯᠠᠭᠰᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠬᠤᠪᠢ ᠬᠥᠮᠦᠨ ᠳᠤ ᠠᠷᠠᠯᠵᠢᠶᠠᠯᠠᠬᠤ ᠦᠨ᠎ᠡ ᠬᠠᠩᠰᠢ ᠵᠡᠷᠭᠡ ᠠᠷᠠᠯᠵᠢᠶᠠᠯᠠᠬᠤ ᠨᠥᠬᠦᠴᠡᠯ ᠤᠨ ᠲᠠᠯ᠎ᠠ ᠪᠠᠷ ᠵᠦᠶ ᠵᠣᠬᠢᠰ ᠥᠬᠡᠶ ᠵᠥᠷᠢᠶᠡᠲᠦ ᠬᠠᠷᠠᠭᠠᠯᠵᠠᠯ ᠦᠵᠡᠭᠦᠯᠵᠦ ᠪᠣᠯᠬᠤ ᠥᠬᠡᠶ︔ ᠴᠢᠬᠤᠯᠠ ᠢᠨᠲ᠋ᠧᠷ ᠰᠦᠯᠵᠢᠶᠡᠨ ᠤ ᠲᠠᠪᠴᠠᠩ ᠤᠨ ᠦᠢᠯᠡᠴᠢᠯᠡᠭᠡ ᠬᠠᠩᠭᠠᠵᠤ᠂ ᠬᠡᠷᠡᠭᠯᠡᠭᠴᠢ ᠶᠢᠨ ᠲᠤᠭ᠎ᠠ ᠬᠡᠮᠵᠢᠶ᠎ᠡ ᠨᠢ ᠯᠤᠲᠤ ᠶᠡᠭᠡ᠂ ᠲᠤᠬᠠᠶᠢᠯᠠᠭᠰᠠᠨ ᠠᠵᠢᠯ ᠤᠨ ᠲᠥᠷᠥᠯ ᠬᠡᠯᠪᠡᠷᠢ ᠨᠢ ᠪᠤᠳᠤᠯᠢᠶᠠᠨᠲᠠᠶ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠭᠴᠢ ᠨᠢ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠵᠢᠷᠤᠮᠯᠠᠨ᠂ ᠲᠠᠪᠴᠠᠩ ᠤᠨ ᠲᠦᠷᠢᠮ ᠢ ᠲᠣᠭᠲᠠᠭᠠᠵᠤ᠂ ᠲᠠᠪᠴᠠᠩ ᠤᠨ ᠳᠣᠲᠣᠷᠠᠬᠢ ᠦᠢᠯᠡᠳᠬᠦᠨ ᠪᠤᠶᠤ ᠦᠢᠯᠡᠴᠢᠯᠡᠭᠡ ᠬᠠᠩᠭᠠᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠵᠢᠷᠤᠮᠵᠢᠯ ᠪᠠ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ ᠭᠡᠵᠡᠢ᠃ ︵ᠰᠤᠷᠪᠤᠯᠵᠢᠯᠠᠭᠴᠢ ᠪᠠᠢ ᠶᠠᠩ︶     ᠦᠢᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠵᠤ ᠪᠣᠯᠤᠨ᠎ᠠ     10 ᠰᠠᠷ᠎ᠠ ᠶᠢᠨ 27 ᠤ ᠡᠳᠦᠷ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠠᠴᠠ ᠲᠣᠭᠲᠠᠭᠠᠭᠰᠠᠨ ᠨᠢ᠂ ᠡᠨᠡ ᠵᠢᠯ ᠤᠨ ᠳᠥᠷᠪᠡᠳᠦᠭᠡᠷ ᠤᠯᠠᠷᠢᠯ ᠳᠤ ᠦᠢᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠠ ᠤᠯᠤᠰ ᠤᠨ ᠲᠣᠲᠣᠭᠠᠳᠤ ᠶᠢᠨ ᠥᠷᠲᠡᠭ ᠨᠡᠮᠡᠭᠳᠡᠯ ᠤᠨ ᠭᠠᠶᠢᠯᠢ᠂ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠭᠠᠶᠢᠯᠢ ᠵᠢᠴᠢ ᠲᠡᠭᠦᠨ ᠢ ᠲᠠᠭᠠᠯᠳᠤᠭᠤᠯᠤᠨ ᠲᠠᠲᠠᠪᠤᠷᠢᠯᠠᠭᠰᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠭᠠᠶᠢᠯᠢ ᠵᠢᠴᠢ ᠬᠤᠪᠢ ᠶᠢᠨ ᠦᠶ᠋ᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠬᠥᠮᠦᠨ ᠤ ᠲᠤᠰᠠᠭᠠᠷ ᠪᠠᠯᠠ ᠣᠷᠣᠭᠤᠯᠤᠭᠰᠠᠨ ᠪᠠ ᠬᠤᠷᠰᠢᠭᠰᠠᠨ ᠠᠵᠤ ᠠᠬᠤᠶᠢᠯᠠᠯ ᠤᠨ ᠲᠤᠰᠢᠶᠠᠭᠰᠠᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ︵ᠲᠡᠭᠦᠨ ᠤ ᠣᠷᠣᠯᠠᠨ ᠰᠠᠭᠤᠯᠭᠠᠵᠤ ᠣᠷᠣᠯᠠᠨ ᠲᠤᠰᠢᠶᠠᠭᠰᠠᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠪᠠᠭᠲᠠᠭᠠᠬᠤ ᠥᠬᠡᠶ︶ ᠳᠤ ᠱᠠᠲᠤ ᠦᠶ᠎ᠡ ᠶᠢᠨ ᠴᠢᠨᠠᠷᠲᠠᠶ ᠭᠠᠶᠢᠯᠢ ᠲᠠᠲᠠᠪᠤᠷᠢ ᠶᠢᠨ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ ᠡᠭᠦᠨ ᠳᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠣᠷᠣᠭᠰᠢᠬᠢ ᠦᠢᠯᠡᠳᠬᠦ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠤᠨ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ ᠪᠦᠬᠦᠨ ᠢ ᠬᠤᠶᠢᠰᠢᠯᠠᠭᠤᠯᠤᠨ᠎ᠠ︔ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ 4 ᠳ᠋ᠦᠩᠰᠢᠭᠤᠷ ᠲᠥᠭᠦᠷᠢᠭ ᠲᠤ ᠬᠦᠷᠦᠭᠰᠡᠨ ᠦᠢᠯᠡᠳᠬᠦ ᠦᠢᠯᠡᠰ ᠤᠨ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ 50% ᠪᠠᠷ ᠭᠠᠶᠢᠯᠢ ᠬᠤᠶᠢᠰᠢᠯᠠᠭᠤᠯᠤᠨ᠎ᠠ᠂ ᠤᠨᠴᠠᠭᠠᠢ ᠬᠦᠴᠢᠷᠳᠡᠯᠲᠡᠶ ᠠᠵᠤ ᠠᠬᠤᠶᠢᠯᠠᠯ ᠤᠳ ᠭᠠᠶᠢᠯᠢ ᠶᠢ ᠨᠢ ᠪᠦᠬᠦᠨ ᠢ ᠬᠤᠶᠢᠰᠢᠯᠠᠭᠤᠯᠬᠤ ᠪᠠᠷ ᠬᠠᠤᠯᠢ ᠶᠣᠰᠣᠭᠠᠷ ᠣᠨᠴᠣᠭᠤᠶᠢᠯᠠᠨ ᠭᠤᠶᠤᠴᠢᠯᠠᠵᠤ ᠪᠣᠯᠤᠨ᠎ᠠ᠃ ᠭᠠᠶᠢᠯᠢ ᠬᠤᠶᠢᠰᠢᠯᠠᠭᠤᠯᠬᠤ ᠶᠢ ᠡᠨᠡ ᠵᠢᠯ ᠤᠨ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠢᠷᠡᠬᠦ ᠵᠢᠯ ᠤᠨ 1 ᠰᠠᠷ᠎ᠠ ᠳᠤ ᠮᠡᠳᠡᠭᠦᠯᠬᠦ ᠬᠤᠭᠤᠴᠠᠭ᠎ᠠ ᠳᠠᠭᠤᠰᠬᠤ ᠪᠣᠯᠲᠠᠯ᠎ᠠ᠂ ᠵᠢᠱᠢᠯᠲᠡ ᠪᠠᠷ ᠦᠢᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 2000 ᠳ᠋ᠦᠩᠰᠢᠭᠤᠷ ᠲᠥᠭᠦᠷᠢᠭ ᠤᠨ ᠭᠠᠶᠢᠯᠢ ᠬᠤᠶᠢᠰᠢᠯᠠᠭᠤᠯᠬᠤ ᠪᠣᠯᠤᠨ᠎ᠠ᠃       ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠥᠯᠥᠰᠥᠨ ᠠᠵᠢᠯᠴᠢᠨ ᠤ ᠴᠠᠯᠢᠩ ᠤᠨ ᠡᠷᠬᠡ ᠠᠰᠢᠭ ᠢ ᠪᠠᠲᠤᠯᠠᠨ᠎ᠠ     ︽ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠥᠯᠥᠰᠥᠨ ᠠᠵᠢᠯᠴᠢᠨ ᠤ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠲᠣᠭᠲᠠᠭᠠᠯ︾ ᠢ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ ᠳᠤ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠴᠠᠯᠢᠩ ᠤᠨ ᠪᠠᠲᠤᠯᠠᠭ᠎ᠠ ᠶᠢᠨ ᠮᠥᠩᠭᠦ ᠪᠠᠨ ᠬᠠᠳᠠᠭᠠᠯᠠᠬᠤ ᠪᠤᠶᠤ ᠪᠠᠩᠬᠢ ᠶᠢᠨ ᠪᠠᠲᠤᠯᠠᠭ᠎ᠠ ᠶᠢᠨ ᠪᠢᠴᠢᠭ ᠲᠤᠰᠢᠶᠠᠬᠤ ᠠᠴᠠ ᠡᠮᠦᠨ᠎ᠡ 2 ᠵᠢᠯ ᠤᠨ ᠳᠣᠲᠣᠷ᠎ᠠ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠭᠠᠵᠠᠷ ᠣᠷᠣᠨ ᠤ ᠳᠠᠭᠠᠭᠠᠴᠢᠯᠠᠨ ᠪᠠᠶᠢᠭᠤᠯᠤᠭᠰᠠᠨ ᠪᠠᠷᠢᠯᠭ᠎ᠠ ᠶᠢᠨ ᠠᠵᠢᠯ ᠳᠤ ᠴᠠᠯᠢᠩ ᠥᠷᠢᠲᠦᠬᠦ ᠪᠠᠶᠢᠳᠠᠯ ᠭᠠᠷᠪᠠᠯ᠂ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠠᠳᠠᠭᠠᠯᠠᠬᠤ ᠬᠠᠷᠢᠴᠠᠯ ᠢ ᠵᠣᠬᠢᠰᠲᠠᠶ ᠪᠠᠷ ᠲᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 50% ᠠᠴᠠ ᠳᠣᠤᠷ᠎ᠠ ᠪᠠᠶᠢᠯᠭᠠᠵᠤ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ︔ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠭᠰᠡᠨ ᠠᠴᠠ ᠪᠣᠯᠵᠤ ︽ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢᠨ ᠨᠡᠷᠡᠰ︾ ᠲᠤ ᠣᠷᠣᠭᠤᠯᠤᠭᠰᠠᠨ ᠪᠣᠯ᠂ ᠨᠡᠮᠡᠭᠳᠡᠯ ᠤᠨ ᠬᠡᠮᠵᠢᠶ᠎ᠡ ᠶᠢ ᠨᠢ 100 % ᠠᠴᠠ ᠳᠣᠣᠷ᠎ᠠ ᠪᠠᠶᠢᠯᠭᠠᠬᠤ ᠦᠭᠡᠶ     ᠭᠠᠯ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠬᠡᠪᠴᠢᠶ᠎ᠡ ᠳᠤ ᠲᠤᠬᠢᠷᠠᠭᠤᠯᠤᠯᠳᠠ ᠬᠢᠨ᠎ᠡ     ︽ᠨᠡᠶᠢᠭᠡᠮ ᠤᠨ ᠭᠠᠯ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠢ 11 ᠳ᠋ᠣᠭᠡᠷ ᠰᠠᠷ᠎ᠠ ᠶᠢᠨ 9 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠡᠭᠦᠨ ᠳᠤ ᠠᠷᠠᠳ ᠲᠤ ᠳᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠪᠠᠶᠢᠯᠭᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠠᠵᠢᠯ ᠡᠷᠬᠢᠯᠡᠬᠦ ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠦᠢᠯᠡᠳᠬᠦᠨ ᠤ ᠶᠠᠰᠤ ᠴᠢᠨᠠᠷ ᠤᠨ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠤ ᠬᠡᠪᠴᠢᠶᠡᠨ ᠳᠤ ᠬᠠᠷᠢᠶᠠᠯᠠᠭᠳᠠᠬᠤ ᠭᠠᠯ ᠤᠨᠲᠠᠷᠠᠭᠠᠭᠤᠷ ᠤᠨ ᠪᠠᠶᠢᠴᠠᠭᠠᠬᠤ᠂ ᠰᠡᠯᠪᠢᠨ ᠵᠠᠰᠠᠬᠤ᠂ ᠭᠠᠯ ᠤᠨᠲᠠᠷᠠᠭᠠᠬᠤ ᠡᠮ ᠰᠣᠯᠢᠬᠤ ᠵᠢᠴᠢ ᠡᠭᠡᠭᠦᠯᠦᠨ ᠬᠤᠷᠢᠶᠠᠬᠤ ᠵᠡᠷᠭᠡ ᠠᠵᠢᠯᠯᠠᠭ᠎ᠠ ᠶᠢ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠠᠵᠢᠯ ᠡᠷᠬᠢᠯᠡᠬᠦ ᠬᠡᠪᠴᠢᠶ᠎ᠡ ᠠᠴᠠ ᠲᠣᠬᠢᠷᠠᠭᠤᠯᠤᠨ ᠭᠠᠷᠭᠠᠵᠤ᠂ ᠨᠡᠶᠢᠭᠡᠮ ᠤᠨ ᠨᠢᠭᠡᠴᠡ ᠪᠣᠯᠤᠨ ᠣᠯᠠᠨ ᠲᠦᠮᠡᠨ ᠤ ᠳᠠᠷᠤᠭᠠᠰᠤ ᠶᠢ ᠪᠠᠭᠠᠰᠬᠠᠨ᠎ᠠ᠃     ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠣᠭᠰᠣᠭᠠᠭᠰᠠᠨ ᠤ ᠳᠠᠷᠠᠭᠠᠬᠢ ᠵᠣᠬᠢᠴᠠᠩᠭᠤᠶ ᠲᠥᠷᠥᠯ ᠢᠯᠭᠠᠯ ᠤᠨ ᠲᠠᠩᠰᠠ ᠡᠪᠬᠡᠮᠡᠯ ᠤᠨ ᠵᠦᠭ ᠰᠢᠯᠵᠢᠬᠦ ᠶᠢ ᠲᠣᠳᠣᠷᠬᠠᠶᠢᠯᠠᠪᠠ    ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠬᠢᠭᠡᠳ ᠥᠮᠴᠢᠯᠡᠯ ᠤᠨ ᠡᠷᠬᠡ ᠶᠢᠨ ᠬᠤᠪᠢᠷᠠᠯᠲᠠ ᠶᠢᠨ ᠲᠠᠩᠰᠠ ᠡᠪᠬᠡᠮᠡᠯ ᠢ ᠰᠢᠢᠳᠪᠦᠷᠢᠯᠡᠬᠦ ᠠᠷᠭ᠎ᠠ︾ ᠶᠢ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠠᠩᠰᠠ ᠡᠪᠬᠡᠮᠡᠯ ᠢ ᠬᠠᠮᠢᠶᠠᠷᠤᠯᠲᠠ ᠶᠢᠨ ᠲᠥᠷᠥᠯ ᠤᠨ ᠲᠠᠩᠰᠠ ᠡᠪᠬᠡᠮᠡᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ ᠂ ᠲᠣᠨᠤᠭ ᠲᠥᠬᠦᠭᠡᠷᠦᠮᠵᠢ ᠶᠢᠨ ᠲᠠᠩᠰᠠ ᠡᠪᠬᠡᠮᠡᠯ᠂ ᠦᠢᠯᠡᠳᠬᠦᠨ ᠤ ᠦᠢᠯᠡᠳᠪᠦᠷᠢᠯᠡᠯ ᠪᠠ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠠᠩᠰᠠ ᠡᠪᠬᠡᠮᠡᠯ᠂ ᠨᠢᠭᠲᠠᠯᠠᠨ ᠪᠤᠳᠤᠯᠲᠠ ᠶᠢᠨ ᠲᠠᠩᠰᠠ ᠡᠪᠬᠡᠮᠡᠯ᠂ ᠺᠠᠳ᠋ᠷ ᠠᠵᠢᠯᠲᠠᠨ ᠠᠵᠢᠯᠴᠢᠨ ᠤ ᠲᠠᠩᠰᠠ ᠡᠪᠬᠡᠮᠡᠯ ᠢ ᠲᠥᠷᠥᠯ ᠬᠤᠪᠢᠶᠠᠨ ᠰᠢᠢᠳᠪᠦᠷᠢᠯᠡᠬᠦ ᠶᠢ ᠵᠣᠭᠰᠣᠭᠠᠵᠤ᠂ ᠡᠯ᠎ᠡ ᠲᠥᠷᠥᠯ ᠤᠨ ᠲᠠᠩᠰᠠ ᠡᠪᠬᠡᠮᠡᠯ ᠤᠨ ᠦᠨ᠎ᠡ ᠥᠷᠲᠡᠭ ᠢ ᠪᠠᠳᠠᠷᠠᠭᠤᠯᠬᠤ ᠣᠨᠴᠠᠯᠢᠭ ᠵᠢᠴᠢ ᠠᠷᠭ᠎ᠠ ᠵᠠᠮ ᠢ ᠶᠡᠷᠦᠩᠬᠡᠶᠢᠯᠡᠨ ᠪᠣᠳᠣᠯᠬᠢᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠣᠭᠰᠣᠭᠠᠭᠰᠠᠨ ᠤ ᠳᠠᠷᠠᠭᠠᠬᠢ ᠵᠣᠬᠢᠴᠠᠩᠭᠤᠶ ᠲᠥᠷᠥᠯ ᠢᠯᠭᠠᠯ ᠤᠨ ᠲᠠᠩᠰᠠ ᠡᠪᠬᠡᠮᠡᠯ ᠤᠨ ᠬᠠᠷᠢᠶᠠᠯᠠᠯ ᠪᠠ ᠭᠦᠢᠯᠭᠡᠭᠡᠨ ᠤ ᠬᠠᠨᠳᠤᠰᠢ ᠶᠢ ᠲᠣᠳᠣᠷᠬᠠᠶᠢᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠣᠭᠰᠣᠭᠠᠭᠰᠠᠨ ᠤ ᠳᠠᠷᠠᠭᠠᠬᠢ ᠲᠠᠩᠰᠠ ᠡᠪᠬᠡᠮᠡᠯ ᠲᠠᠰᠤᠯᠳᠤᠬᠤ ᠦᠭᠡᠢ ᠪᠠᠶᠢᠬᠤ᠂ ᠡᠮᠬᠢ ᠵᠠᠮᠪᠠᠷᠠᠭ᠎ᠠ ᠠᠯᠲᠠᠬᠤ ᠦᠭᠡᠢ ᠪᠠᠶᠢᠬᠤ ᠶᠢ ᠪᠠᠲᠤᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠨ᠎ᠡ᠃     ᠠᠶᠤᠯ ᠭᠡᠮ ᠲᠠᠢ ᠤᠰᠤᠨ ᠴᠥᠭᠦᠷᠥᠮ ᠤᠨ ᠭᠤᠤᠯ ᠦᠶᠡᠷ ᠤᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠤᠰᠤ ᠬᠠᠳᠠᠭᠠᠯᠠᠬᠤ ᠥᠬᠡᠶ     ︽ᠤᠰᠤᠨ ᠤ ᠡᠬᠢ ᠪᠠᠶᠠᠯᠢᠭ ᠢ ᠳᠣᠭᠢᠷᠠᠭᠤᠯᠬᠤ ᠬᠠᠮᠢᠶᠠᠷᠤᠯᠲᠠ ᠶᠢᠨ ᠠᠷᠭ᠎ᠠ︾ ᠶᠢ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ ᠳᠤ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠦᠶᠡᠷ ᠤᠨ ᠤᠰᠤ ᠶᠢ ᠡᠬᠢ ᠪᠠᠶᠠᠯᠢᠭᠵᠢᠭᠤᠯᠬᠤ᠂ ᠡᠯᠪᠡᠭ ᠳᠡᠯᠪᠡᠭ ᠬᠠᠳᠠᠭᠠᠯᠠᠵᠤ ᠬᠤᠪᠠᠭ᠋ᠠᠶᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠤᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠶ᠃ ᠡᠭᠦᠨ ᠤ ᠬᠠᠮᠲᠤ᠂ ᠬᠥᠮᠦᠨ ᠬᠠᠷ᠎ᠠ ᠥᠭᠦᠵᠦ ᠰᠢᠷᠬᠠᠲᠤᠬᠤ ᠥᠬᠡᠶ᠂ ᠤᠰᠤᠨ ᠴᠥᠭᠦᠷᠥᠮ ᠬᠠᠰᠢᠯᠭ᠎ᠠ ᠨᠤᠷᠠᠬᠤ ᠥᠬᠡᠶ᠂ ᠴᠢᠬᠤᠯᠠ ᠬᠠᠰᠢᠯᠭ᠎ᠠ ᠰᠡᠳᠡᠷᠡᠬᠦ ᠥᠬᠡᠶ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠲᠠᠭᠠᠷᠢᠯᠲᠠ ᠳᠤ ᠤᠴᠠᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠶᠤᠯ ᠭᠡᠮ ᠲᠠᠢ ᠤᠰᠤᠨ ᠴᠥᠭᠦᠷᠥᠮ ᠭᠤᠤᠯ ᠦᠶᠡᠷ ᠤᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠤᠰᠤ ᠬᠠᠳᠠᠭᠠᠯᠠᠬᠤ ᠥᠬᠡᠶ ᠭᠡᠵᠦ ᠲᠣᠳᠣᠷᠬᠠᠶᠢᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2