︽ᠳᠥᠷᠪᠡᠨ ᠬᠦᠴᠦᠨ︾ ᠳᠤ ᠠᠩᠬᠠᠷᠤᠯ ᠢᠶᠠᠨ ᠲᠥᠪᠯᠡᠷᠡᠭᠦᠯᠦᠨ ᠦᠢᠯᠡᠴᠢᠯᠡᠭᠡ ᠶᠢ ᠰᠢᠯᠢᠳᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠢᠢᠯᠡᠳᠪᠤᠷᠢᠯᠡᠯ ᠢᠶᠠᠨ ᠰᠡᠷᠭᠦᠭᠡᠬᠦ ᠶᠢ ᠳᠡᠮᠵᠢᠨ᠎ᠡ
ᠨᠡᠶᠢᠲᠡᠯᠡᠭᠰᠡᠨ ᠴᠠᠭ᠄
2021/11/8
    ᠬᠦᠨᠳᠦᠲᠦ ᠵᠣᠴᠢᠨ ᠯᠢᠶᠠᠩᠴᠧᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠤ ᠳᠠᠷᠤᠭ᠎ᠠ ᠢᠦᠶ ᠲᠤᠤ  ᠶᠢ  ᠰᠤᠷᠪᠤᠯᠵᠢᠯᠠᠭᠰᠠᠨ ᠨᠢ    ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂ ᠯᠢᠶᠠᠩᠴᠧᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠳᠥᠷᠪᠡᠨ ᠬᠦᠴᠦᠨ︾ ᠤ ᠠᠷᠭ᠎ᠠ ᠬᠡᠮᠵᠢᠶ᠎ᠡ ᠶᠢ ᠴᠢᠩᠭ᠎ᠠ ᠠᠳᠬᠤᠨ ᠨᠠᠷᠢᠨ ᠠᠳᠬᠤᠵᠤ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯ ᠢᠶᠠᠨ ᠰᠡᠷᠭᠦᠭᠡᠵᠦ  ᠦᠢᠢᠯᠡᠳᠪᠤᠷᠢᠯᠡᠯ ᠢᠶᠠᠨ ᠰᠡᠷᠭᠦᠭᠡᠬᠦ᠂ ᠭᠠᠶᠢᠯᠢ ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ  ᠦᠢᠯᠡᠴᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠠᠯ᠎ᠠ ᠪᠠᠷ ᠬᠦᠴᠦᠨ ᠴᠢᠳᠠᠯ ᠢᠶᠠᠨ ᠡᠷᠭᠦᠪᠡ᠃   ᠰᠤᠷᠪᠤᠯᠵᠢᠯᠠᠭᠴᠢ᠄ ᠬᠦᠨᠳᠦᠲᠦ ᠥᠷᠭᠡᠨ ᠤᠯᠠᠨ ᠭᠠᠶᠢᠯᠢ ᠲᠤᠰᠢᠶᠠᠭᠴᠢ᠂ ᠲᠠ ᠪᠦᠬᠦᠨ ᠰᠠᠶᠢᠨ ᠪᠠᠶᠢᠵᠠᠭᠠᠨ᠎ᠠ ᠤᠣ︕ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠣᠨᠴᠠᠭᠠᠶ ᠴᠠᠭ ᠦᠶ᠎ᠡ ᠳᠤ᠂ ᠪᠥᠬᠦ ᠤᠯᠤᠰ ᠤᠨ 29 ᠳ᠋ᠦᠭᠡᠷ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠬᠦᠷᠴᠦ ᠢᠷᠡᠬᠦ ᠲᠠᠰᠢᠷᠠᠮ ᠳᠤ᠂ ᠯᠢᠶᠠᠩᠴᠧᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︽ᠣᠨᠴᠠᠭᠠᠶ︾ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠬᠡᠯᠪᠡᠷᠢ ᠪᠠᠷ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠩᠬᠠᠨ ᠤ ᠤᠬᠠᠭᠤᠯᠭ᠎ᠠ ᠶᠢᠨ ᠡᠳᠦᠷ ᠤᠨ ᠡᠬᠢᠯᠡᠯᠲᠡ ᠶᠢᠨ ᠶᠣᠰᠣᠯᠠᠯ ᠢ ᠡᠬᠢᠯᠡᠭᠦᠯᠪᠡ᠃ ᠥᠨᠥᠳᠦᠷ ᠮᠠᠨ ᠤ ᠰᠤᠷᠪᠤᠯᠵᠢᠯᠠᠭ᠎ᠠ ᠶᠢ ᠬᠦᠯᠢᠶᠡᠵᠦ ᠪᠠᠶᠢᠭ᠎ᠠ ᠨᠢ ᠯᠢᠶᠠᠩᠴᠧᠩ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠢᠦᠢ ᠲᠤᠤ ᠪᠣᠯᠤᠨ᠎ᠠ᠃ ᠢᠦᠢ ᠲᠤᠤ ᠨᠥᠬᠦᠷ ᠲᠠ ᠰᠠᠶᠢᠨ  ᠃   ᠢᠦᠶ ᠲᠤᠤ᠄ ᠰᠠᠶᠢᠨ ᠤᠤ︖ ᠱᠠᠩ ᠰᠤᠷᠪᠤᠯᠵᠢᠯᠠᠭᠴᠢ ᠠ᠃ ᠥᠷᠭᠡᠨ ᠤᠯᠠᠨ ᠭᠠᠶᠢᠯᠢ ᠲᠤᠰᠢᠶᠠᠭᠴᠢ ᠶᠢᠨ ᠨᠠᠶᠢᠵᠠ ᠨᠠᠷ ᠠ᠂ ᠰᠠᠶᠢᠨ ᠪᠠᠶᠢᠵᠠᠭᠠᠨ᠎ᠠ ᠤᠣ︕ ᠰᠤᠷᠪᠤᠯᠵᠢᠯᠠᠭᠴᠢ᠄ ᠲᠠ ᠪᠢᠳᠡᠨ ᠳᠤ ᠡᠨᠡ ᠵᠢᠯ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠭᠤᠤᠯ ᠰᠡᠳᠦᠪ ᠪᠠ ᠤᠬᠠᠭᠤᠯᠭ᠎ᠠ ᠶᠢᠨ ᠭᠤᠤᠯᠳᠠᠯᠭ᠎ᠠ ᠶᠢ ᠲᠠᠨᠢᠯᠴᠠᠭᠤᠯᠤᠭᠠᠳ ᠥᠭᠭᠦᠨ᠎ᠡ ᠤᠤ︖    ᠢᠦᠶ ᠲᠤᠤ᠄ ᠡᠨᠡ ᠵᠢᠯ ᠤᠨ ᠪᠦᠬᠦ ᠤᠯᠤᠰ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪ ᠪᠣᠯ ︽ᠭᠠᠶᠢᠯᠢ ᠬᠥᠩᠭᠡᠯᠡᠵᠦ ᠦᠢᠯᠡᠴᠢᠯᠡᠭᠡ ᠶᠢ ᠰᠢᠯᠢᠳᠡᠭᠵᠢᠭᠦᠯᠬᠦ᠂ ᠦᠢᠯᠡᠳᠪᠦᠷᠢᠯᠡᠯ ᠢ ᠰᠡᠷᠭᠦᠭᠡᠬᠦ᠂ ᠬᠥᠭᠵᠢᠯᠲᠡ ᠶᠢ ᠠᠬᠢᠭᠤᠯᠬᠤ︾ ᠪᠣᠯᠤᠨ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠤᠣᠯ ᠰᠡᠳᠦᠪ ᠤᠨ ᠲᠣᠭᠤᠷᠢᠨ ᠳᠤ ︽ᠳᠥᠷᠪᠡᠨ ᠬᠦᠴᠦᠨ︾ ᠤ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠭᠤᠤᠯᠳᠠᠯᠭ᠎ᠠ ᠨᠢ ᠬᠤᠪᠢ ᠵᠢᠨ‌ᠦᠢᠯᠡᠳᠪᠤᠷᠢ ᠬᠤᠳᠠᠯᠳᠤᠭᠠᠨ ᠤ ᠡᠷᠦᠬᠡ ᠶᠢᠨ ᠠᠵᠢᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠳᠡᠮᠵᠢᠬᠦ ᠭᠠᠶᠢᠯᠢ ᠲᠠᠲᠠᠪᠤᠷᠢᠯᠠᠵᠤ ᠬᠠᠮᠢᠶᠠᠷᠬᠤ ᠲᠥᠷᠥ ᠶᠢᠨ ᠪᠣᠳᠣᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤ ᠶᠢᠨ ᠭᠠᠵᠠᠷ ᠰᠢᠷᠣᠶ ᠶᠢᠨ ᠬᠡᠷᠡᠭᠯᠡᠭᠡᠨ ᠤ ᠭᠠᠶᠢᠯᠢ ᠶᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ᠂ ᠱᠠᠲᠤ ᠦᠶ᠎ᠡ ᠶᠢᠨ ᠴᠢᠨᠠᠷᠲᠠᠶ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠰᠤᠵᠤ ᠭᠡᠯᠳᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠤᠬᠠᠭᠤᠯᠤᠨ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯ ᠢᠶᠠᠨ ᠰᠡᠷᠭᠦᠭᠡᠵᠦ  ᠦᠢᠢᠯᠡᠳᠪᠤᠷᠢᠯᠡᠯ ᠢᠶᠠᠨ ᠰᠡᠷᠭᠦᠭᠡᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃    ᠰᠤᠷᠪᠤᠯᠵᠢᠯᠠᠭᠴᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠭᠤᠣᠯᠳᠠᠭᠤ ᠶᠠᠮᠠᠷ ᠶᠠᠮᠠᠷ ᠤᠬᠠᠭᠤᠯᠬᠤ ᠠᠷᠭ᠎ᠠ ᠬᠡᠯᠪᠡᠷᠢ ᠪᠠᠶᠢᠬᠤ ᠪᠤᠶ︖ ᡼     ᠢᠦᠶ ᠲᠤᠤ᠄ ᠡᠨᠡ ᠵᠢᠯ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠠᠶᠢᠬᠤ ᠪᠣᠯᠬᠤᠷ᠂ ᠬᠥᠮᠦᠰ ᠴᠤᠭᠯᠠᠷᠠᠬᠤ ᠠᠴᠠ ᠵᠠᠶᠢᠯᠠᠰᠬᠢᠬᠦ ᠶᠢᠨ ᠲᠥᠯᠥᠭᠡ᠂ ᠪᠢᠳᠡ ᠤᠯᠠᠮᠵᠢᠯᠠᠯᠲᠤ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠭᠤᠣᠯᠳᠠᠭᠤ ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ᠂ ᠳᠤᠭᠤᠶᠢᠯᠠᠩ ᠬᠤᠪᠢᠶᠠᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠵᠠᠰᠠᠭ ᠤᠨ ᠣᠷᠳᠣᠨ ᠤ ᠰᠦᠯᠵᠢᠶ᠎ᠡ᠂ ᠲᠧᠯᠸᠢᠰ ᠬᠤᠷᠢᠶ᠎ᠠ᠂ ᠰᠣᠨᠢᠨ ᠰᠡᠳᠬᠦᠯ ᠵᠡᠷᠭᠡ ᠵᠠᠭᠤᠴᠢ ᠪᠠᠷ ᠳᠠᠮᠵᠢᠭᠤᠯᠤᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ ᠦᠢᠯᠡᠴᠢᠯᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠪᠠ ᠭᠠᠶᠢᠯᠢ ᠲᠠᠲᠠᠪᠤᠷᠢ ᠶᠢᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠪᠠ᠃ ᠰᠤᠷᠪᠤᠯᠵᠢᠯᠠᠭᠴᠢ᠄ ᠢᠦᠶ ᠲᠣᠪᠴᠢᠶᠠᠨ ᠳᠠᠷᠤᠭ᠎ᠠ ᠠ᠂ ᠲᠠ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ︽ᠳᠥᠷᠪᠡᠨ ᠬᠦᠴᠦᠨ︾ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠶᠠᠮᠠᠷ ᠶᠠᠮᠠᠷ ᠪᠦᠲᠦᠮᠵᠢᠲᠡᠶ ᠠᠷᠭ᠎ᠠ ᠬᠡᠮᠵᠢᠶ᠎ᠡ ᠠᠪᠤᠭᠰᠠᠨ ᠢ ᠶᠠᠷᠢᠭᠠᠳ ᠥᠭᠭᠦᠨ᠎ᠡ  ᠤᠤ︖    ᠢᠦᠶ ᠲᠤᠤ᠄ ᠨᠢᠭᠡ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠲᠥᠷᠥᠯ ᠬᠤᠪᠢᠶᠠᠨ ᠪᠣᠭᠤᠳᠠᠯᠯᠠᠵᠤ᠂ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂  ᠭᠠᠶᠢᠯᠢ ᠶᠢᠨ ᠲᠠᠪᠴᠠᠩ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠭᠠᠶᠢᠯᠢ ᠲᠤᠰᠢᠶᠠᠭᠴᠢ ᠶᠢᠨ ᠭᠠᠷ ᠲᠤ ᠬᠦᠷᠭᠡᠨ᠎ᠡ ᠃ ᠬᠤᠶᠠᠷ ᠲᠤ ︽ᠥᠯᠥ ᠬᠦᠷᠦᠯᠴᠡᠬᠦ ᠬᠡᠯᠪᠡᠷᠢ︾ ᠪᠠᠷ ᠭᠠᠶᠢᠯᠢ  ᠭᠦᠢᠴᠡᠳᠬᠡᠬᠦ ᠶᠢ ᠶᠡᠭᠡ ᠪᠠᠷ ᠳᠡᠯᠭᠡᠷᠡᠭᠦᠯᠵᠦ᠂ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠤᠷᠢᠳᠴᠢᠯᠠᠨ ᠪᠣᠯᠵᠣᠬᠤ︾ ︽ᠬᠤᠶᠢᠰᠢᠯᠠᠭᠤᠯᠤᠨ ᠭᠦᠢᠴᠡᠳᠬᠡᠬᠦ︾ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠶᠢ ᠢᠳᠡᠪᠬᠢᠲᠡᠶ ᠬᠡᠷᠡᠭᠯᠡᠨ᠂ ᠰᠦᠯᠵᠢᠶᠡᠨ ᠳᠡᠭᠡᠷ᠎ᠡ ᠭᠦᠢᠴᠡᠳᠬᠡᠬᠦ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠰᠦᠯᠵᠢᠶᠡᠨ ᠳᠡᠭᠡᠷ᠎ᠡ ᠠᠵᠢᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠠᠷ ᠳᠠᠮᠵᠢᠭᠤᠯᠤᠨ 1625 ᠵᠤᠷᠪᠤᠰ ᠭᠠᠶᠢᠯᠢ ᠲᠤᠰᠢᠶᠠᠬᠤ ᠪᠠᠷ ᠮᠡᠳᠡᠭᠦᠯᠵᠦ᠂ 945 ᠡᠷᠦᠬᠡ ᠳᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠶᠢ ᠮᠡᠳᠡᠭᠦᠯᠦᠨ ᠬᠦᠷᠭᠡᠪᠡ᠃ ᠭᠤᠷᠪᠠ ᠳᠤ ᠦᠨᠳᠦᠰᠦᠨ ᠱᠠᠲᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠣᠮᠣ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠠᠵᠤ ᠠᠬᠤᠶ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ ᠲᠦᠷᠪᠡ ᠳᠤ᠂ ᠪᠢᠳᠡ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠢ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠳᠣᠣᠷ᠎ᠠ᠂ ᠳᠠᠭᠠᠭᠠᠴᠢᠯᠠᠨ ᠬᠤᠯᠪᠣᠭᠠᠯᠠᠭᠰᠠᠨ ᠪᠠᠭ᠎ᠠ ᠲᠣᠭᠤᠷᠢᠭ ᠤᠨ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠡᠢ᠃    ᠰᠤᠷᠪᠤᠯᠵᠢᠯᠠᠭᠴᠢ᠄ ᠲᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠭᠠᠶᠢᠯᠢ ᠲᠤᠰᠢᠶᠠᠭᠴᠢ ᠳᠤ ᠰᠠᠶᠢᠲᠤᠷ  ᠦᠢᠯᠡᠴᠢᠯᠡᠬᠦ ᠬᠦᠴᠦᠲᠡᠶ ᠠᠷᠭ᠎ᠠ ᠬᠡᠮᠵᠢᠶ᠎ᠡ ᠶᠢ ᠵᠢᠱᠢᠶ᠎ᠡ ᠲᠠᠲᠠᠵᠤ ᠶᠠᠷᠢᠨ᠎ᠠ  ᠤᠤ︖    ᠢᠦᠶ ᠲᠤᠤ᠄ ᠪᠢᠳᠡ ᠲᠣᠮᠣ ᠳ᠋ᠠᠶᠢᠲ᠋ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠲᠠᠢ ᠢᠳᠡᠪᠬᠢᠲᠡᠶ ᠬᠠᠷᠢᠯᠴᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠭᠤᠣᠯᠳᠠᠯᠭ᠎ᠠ ᠲᠠᠢ ᠡᠳ᠋ ᠪᠣᠳᠠᠰ ᠤᠨ ᠪᠠᠲᠤᠯᠠᠭ᠎ᠠ ᠶᠢᠨ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠢᠨᠠᠨ ᠲᠤᠰᠬᠠᠶ ᠬᠥᠮᠦᠨ ᠵᠢᠭᠠᠨ ᠲᠣᠭᠲᠠᠭᠠᠵᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠭᠠᠶᠢᠯᠢ ᠶᠢᠨ ᠶᠠᠪᠤᠳᠠᠯ ᠤᠨ ᠬᠤᠯᠪᠣᠭᠠᠴᠢᠨ ᠪᠣᠯᠭᠠᠵᠤ᠂ ᠡᠯ᠎ᠡ ᠲᠥᠷᠥᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠱᠠᠲᠤ ᠦᠶ᠎ᠡ ᠶᠢᠨ ᠴᠢᠨᠠᠷᠲᠠᠶ ᠨᠡᠶᠢᠭᠡᠮ ᠤᠨ ᠳᠠᠭᠠᠳᠬᠠᠯ ᠤᠨ  ᠰᠦᠢᠳᠬᠡᠯ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠭᠠᠶᠢᠯᠢ ᠲᠤᠰᠢᠶᠠᠭᠴᠢ ᠳᠤ ᠬᠠᠮᠤᠭ ᠤᠨ ᠲᠡᠷᠢᠭᠦᠨ ᠳᠤ ᠬᠦᠷᠭᠡᠨ ᠥᠭᠴᠦ᠂ ᠠᠵᠤ ᠠᠬᠤᠶᠢᠯᠠᠯ ᠢ ᠬᠠᠪᠰᠤᠷᠤᠨ ᠭᠤᠶᠤᠴᠢᠯᠠᠨ ᠮᠡᠳᠡᠭᠦᠯᠬᠦ ᠬᠦᠴᠢᠷ ᠠᠰᠠᠭᠤᠳᠠᠯ ᠢ ᠨᠢ  ᠰᠢᠢᠳᠪᠤᠷᠢᠯᠡᠵᠤ᠂ ᠭᠠᠶᠢᠯᠢ ᠰᠦᠢᠳᠬᠡᠯ ᠢ ᠬᠠᠰᠤᠵᠤ ᠭᠡᠯᠳᠦᠷᠢᠭᠦᠯᠬᠦ ᠵᠣᠭᠤᠰ ᠤᠨ ᠲᠤᠭ᠎ᠠ ᠶᠢ ᠪᠤᠳᠤᠬᠤ ᠶᠢᠨ ᠬᠠᠮᠲᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠣᠨᠴᠠᠯᠢᠭ ᠲᠤ ᠴᠢᠭᠯᠡᠭᠦᠯᠦᠨ᠂ ᠲᠡᠳᠡᠨ ᠳᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠨ ᠥᠭᠴᠦ᠂ ᠭᠤᠤᠯᠳᠠᠯᠭ᠎ᠠ ᠲᠠᠢ ᠡᠳ᠋ ᠪᠣᠳᠠᠰ ᠤᠨ ᠪᠠᠲᠤᠯᠠᠭ᠎ᠠ ᠶᠢᠨ ᠠᠵᠤ ᠠᠬᠤᠶᠢᠯᠠᠯ ᠳᠤ ᠨᠠᠩ ᠳᠥᠭᠦᠮ ᠳᠥᠲᠡ ᠭᠠᠶᠢᠯᠢ ᠳᠤ ᠬᠤᠯᠪᠣᠭᠳᠠᠬᠤ  ᠦᠢᠯᠡᠴᠢᠯᠡᠭᠡ ᠬᠠᠩᠭᠠᠨ᠎ᠠ᠃   ᠰᠤᠷᠪᠤᠯᠵᠢᠯᠠᠭᠴᠢ᠄ ᠡᠩ ᠤᠨ ᠨᠢᠭᠡᠨ ᠭᠠᠶᠢᠯᠢ ᠲᠤᠰᠢᠶᠠᠭᠴᠢ ᠪᠣᠯᠤᠭᠰᠠᠨ ᠤ ᠬᠤᠪᠢ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠪᠥᠬᠦ ᠬᠦᠴᠦᠨ ᠢᠶᠠᠷ ᠢᠶᠠᠨ ᠤᠬᠠᠭᠤᠯᠤᠨ ᠨᠠᠶᠢᠳᠠᠪᠤᠷᠢᠵᠢᠭᠤᠯᠬᠤ ᠪᠠᠷ ᠳᠡᠮᠵᠢᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠶᠢᠨ ᠰᠡᠷᠭᠦᠯᠲᠡ ᠬᠥᠭᠵᠢᠯᠲᠡ ᠶᠢ ᠠᠬᠢᠭᠤᠯᠬᠤ ᠡᠷᠡᠰ ᠵᠣᠷᠢᠭ ᠢ ᠦᠨᠡᠨ ᠬᠦ ᠣᠶᠢᠯᠠᠭᠠᠵᠤ ᠮᠡᠳᠡᠭᠰᠡᠨ ᠪᠠᠶᠢᠨ᠎ᠠ᠃ ᠵᠠᠯᠭᠠᠭᠠᠳ ᠲᠣᠪᠴᠢᠶᠠᠨ ᠳᠠᠷᠤᠭ᠎ᠠ ᠳᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠲᠠᠷᠠᠭᠠᠴᠢ ᠶᠢᠨ ᠠᠯᠬᠤᠮ ᠤᠨ ᠤᠬᠠᠭᠤᠯᠭ᠎ᠠ ᠶᠢᠨ ᠭᠤᠣᠯᠳᠠᠯᠭ᠎ᠠ ᠪᠠ ᠠᠵᠢᠯ ᠤᠨ ᠭᠤᠣᠯᠳᠠᠯᠭ᠎ᠠ ᠶᠢᠨ ᠲᠤᠬᠠᠶ ᠶᠠᠷᠢᠭᠠᠷᠠᠶ    ᠢᠦᠶ ᠲᠤᠤ᠄ 50 ᠭᠠᠷᠤᠶ ᠡᠳᠦᠷ ᠤᠨ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠪᠢᠳᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠵᠠᠯᠭᠠᠭ᠎ᠠ ᠪᠠᠷ ᠰᠤᠷᠪᠤᠯᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ  ᠦᠢᠢᠯᠡᠳᠪᠤᠷᠢᠯᠡᠯ ᠢᠶᠠᠨ ᠰᠡᠷᠭᠦᠭᠡᠬᠦ ᠶᠢ ᠳᠡᠮᠵᠢᠬᠦ ᠭᠠᠶᠢᠯᠢ  ᠰᠦᠢᠳᠬᠡᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ  ᠦᠢᠢᠯᠡᠳᠪᠤᠷᠢᠯᠡᠯ ᠢᠶᠠᠨ ᠰᠡᠷᠭᠦᠭᠡᠭᠰᠡᠨ ᠪᠠᠶᠢᠳᠠᠯ ᠢ ᠨᠠᠷᠢᠨ ᠣᠶᠢᠯᠠᠭᠠᠵᠤ᠂ ᠲᠥᠯᠥᠭᠡᠯᠡᠭᠴᠢ ᠭᠡᠰᠢᠭᠦᠳ ᠠᠴᠠ ᠭᠠᠶᠢᠯᠢ  ᠰᠦᠢᠳᠬᠡᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠠᠶᠢᠵᠢᠷᠠᠭᠤᠯᠬᠤ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠤ᠂ ᠲᠡᠳᠡᠨ ᠤ ᠠᠩᠬᠠᠷᠤᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠲᠥᠯᠥᠭᠡᠯᠡᠭᠴᠢ ᠭᠡᠰᠢᠭᠦᠳ ᠤᠨ ᠭᠠᠶᠢᠯᠢ ᠲᠠᠲᠠᠪᠤᠷᠢ ᠶᠢᠨ ᠠᠵᠢᠯ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠴᠢᠩᠭᠠᠳᠬᠠᠨ᠎ᠠ᠃ ᠲᠠᠷᠠᠭᠠᠴᠢ ᠶᠢᠨ ᠠᠯᠬᠤᠮ ᠳᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠤᠷᠢᠶᠠᠩᠭᠤᠶᠢᠯᠠᠨ ᠪᠤᠳᠤᠬᠤ ᠶᠡᠷᠦᠩᠬᠡᠶ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠴᠤᠪᠤᠷᠠᠯ᠂ ᠠᠵᠢᠯᠯᠠᠬᠤ ᠠᠷᠭ᠎ᠠ ᠶᠢᠨ ᠬᠠᠨᠳᠤᠯᠭᠠᠲᠤ ᠴᠢᠨᠠᠷᠲᠠᠶ ᠲᠠᠶᠢᠯᠤᠮᠵᠢ ᠶᠢ ᠴᠢᠩᠭᠠᠳᠬᠠᠵᠤ᠂ ᠭᠠᠶᠢᠯᠢ ᠲᠤᠰᠢᠶᠠᠭᠴᠢ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠨ ᠴᠤᠭᠯᠠᠭᠤᠯᠵᠤ᠂ ᠨᠡᠶᠢᠭᠡᠮ ᠨᠡᠶᠢᠲᠡ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠬᠤᠷᠢᠶᠠᠩᠭᠤᠶᠢᠯᠠᠨ ᠪᠤᠳᠤᠬᠤ ᠡᠯ᠎ᠡ  ᠵᠦᠢᠯ ᠤᠨ ᠠᠵᠢᠯ ᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ᠃ ᠰᠤᠷᠪᠤᠯᠵᠢᠯᠠᠭᠴᠢ᠄ ᠢᠦᠶ ᠲᠣᠪᠴᠢᠶᠠᠨ ᠳᠠᠷᠤᠭ᠎ᠠ ᠶᠢᠨ ᠭᠦᠨᠵᠡᠭᠡᠶ ᠪᠥᠭᠡᠳ ᠣᠶᠢᠯᠠᠭᠠᠮᠵᠢᠲᠠᠶ ᠲᠠᠨᠢᠯᠴᠠᠭᠤᠯᠭ᠎ᠠ ᠪᠠᠷ ᠳᠡᠮᠵᠢᠨ᠂ ᠪᠢᠳᠡ ᠭᠠᠶᠢᠯᠢ ᠲᠠᠲᠠᠪᠤᠷᠢ ᠶᠢᠨ ᠤᠯᠤᠰ ᠠᠷᠠᠳ ᠤᠨ ᠠᠵᠤ ᠠᠬᠤᠶ᠂ ᠠᠵᠤ ᠠᠬᠤᠶᠢᠯᠠᠯ ᠤᠨ ᠬᠤᠳᠠᠯᠳᠤᠭᠠᠴᠢᠨ ᠡᠷᠦᠬᠡ᠂ ᠭᠠᠶᠢᠯᠢ ᠲᠤᠰᠢᠶᠠᠭᠴᠢ ᠨᠢᠭᠡᠪᠦᠷᠢ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠨᠠᠩ ᠭᠦᠨᠵᠡᠭᠡᠶ ᠲᠠᠨᠢᠵᠤ᠂ ᠰᠣᠨᠢᠨ ᠮᠡᠳᠡᠭᠡᠨ ᠤ ᠠᠵᠢᠯᠲᠠᠨ ᠪᠣᠯᠤᠭᠰᠠᠨ ᠤ ᠬᠤᠪᠢ ᠳᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠩ ᠤᠬᠠᠮᠰᠠᠷ ᠠᠴᠠ ᠪᠠᠨ ᠭᠠᠶᠢᠯᠢ ᠶᠢᠨ ᠬᠠᠤᠯᠢ ᠶᠢ ᠰᠤᠷᠤᠯᠴᠠᠵᠤ᠂ ᠭᠠᠶᠢᠯᠢ ᠶᠢᠨ ᠬᠠᠤᠯᠢ ᠶᠢ ᠬᠦᠨᠳᠦᠳᠬᠡᠨ᠂ ᠭᠠᠶᠢᠯᠢ ᠶᠢᠨ ᠬᠠᠤᠯᠢ ᠶᠢᠨ ᠡᠷᠬᠢᠮᠯᠡᠭᠴᠢ᠂ ᠤᠬᠠᠭᠤᠯᠤᠭᠴᠢ ᠪᠣᠯᠬᠤ ᠬᠡᠷᠡᠭᠲᠡᠶ᠃ ᠲᠣᠪᠴᠢᠶᠠᠨ ᠳᠠᠷᠤᠭ᠎ᠠ ᠶᠢᠨ ᠭᠤᠶᠢᠳᠠ ᠰᠠᠶᠢᠬᠠᠨ ᠲᠠᠶᠢᠯᠤᠮᠵᠢ ᠳᠤ ᠳᠠᠬᠢᠨᠲᠠ ᠲᠠᠯᠠᠷᠬᠠᠵᠤ ᠪᠠᠶᠢᠨ᠎ᠠ᠃   ᠢᠦᠶ ᠲᠤᠤ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠴᠦ ᠡᠯ᠎ᠡ ᠡᠲᠡᠭᠡᠳ ᠤᠨ ᠵᠠᠭᠤᠴᠢᠯᠠᠭᠤᠷ ᠤᠨ ᠬᠢᠨ ᠤ ᠭᠠᠶᠢᠯᠢ ᠲᠠᠲᠠᠪᠤᠷᠢ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠬᠤᠶᠢᠰᠢᠳᠠ ᠶᠢᠨ ᠠᠵᠢᠯ ᠤᠨ ᠳᠤᠮᠳᠠ ᠪᠠᠨ ᠵᠠᠭᠤᠴᠢᠯᠠᠭᠤᠷ ᠤᠨ ᠨᠠᠶᠢᠵᠠ ᠨᠠᠷ ᠭᠠᠶᠢᠯᠢ ᠲᠠᠲᠠᠪᠤᠷᠢ ᠶᠢᠨ ᠠᠵᠢᠯ ᠤᠨ ᠬᠠᠮᠤᠭ ᠤᠨ ᠰᠢᠨ᠎ᠡ ᠪᠠᠶᠢᠳᠠᠯ ᠢ ᠦᠷᠭᠦᠯᠵᠢᠯᠡᠨ ᠠᠩᠬᠠᠷᠴᠤ᠂ ᠭᠠᠶᠢᠯᠢ ᠲᠠᠲᠠᠪᠤᠷᠢ ᠶᠢᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠠᠷᠭ᠎ᠠ ᠬᠢᠳᠡᠯ ᠢ ᠴᠠᠭ ᠲᠤᠬᠠᠶ ᠳᠤᠨᠢ ᠮᠡᠳᠡᠭᠡᠯᠡᠬᠦ ᠶᠢ ᠬᠦᠰᠡᠵᠦ ᠪᠠᠶᠢᠨ᠎ᠠ᠃ ᠶᠠᠷᠢᠶᠠᠨ ᠥᠬᠡᠶ᠂ ᠵᠠᠭᠤᠴᠢᠯᠠᠭᠤᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠠᠶᠢᠯᠢ ᠶᠢᠨ ᠶᠠᠪᠤᠳᠠᠯ ᠤᠨ ᠠᠵᠢᠯ ᠳᠤ ᠬᠢᠨᠠᠯᠲᠠ ᠲᠠᠯᠪᠢᠵᠤ᠂ ᠪᠢᠳᠡᠨ ᠲᠠᠢ ᠬᠠᠮᠲᠤ ᠪᠠᠷ ᠭᠠᠶᠢᠯᠢ ᠲᠠᠲᠠᠪᠤᠷᠢ ᠶᠢᠨ ᠠᠵᠢᠯ ᠤᠨ ᠨᠠᠩ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠪᠢᠳᠡ ᠨᠠᠩ ᠢᠯᠡᠭᠦᠤ ᠪᠠᠶᠠᠷᠯᠠᠨ ᠤᠭᠲᠤᠨ᠎ᠠ᠃ ᠪᠠᠶᠠᠷᠯᠠᠯ᠎ᠠ︕      ᠢᠷᠡᠯᠲᠡ᠄  ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠦᠨ ᠤ ᠬᠢᠳᠠᠳ ᠰᠦᠯᠵᠢᠶ᠎ᠡ     ᠤᠷᠴᠢᠭᠤᠯᠤᠭᠴᠢ᠄  ᠪᠠᠶᠠᠷᠯᠠᠬᠤ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠦᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2