ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ
ᠨᠡᠶᠢᠲᠡᠯᠡᠭᠰᠡᠨ ᠴᠠᠭ᠄
2021/11/8
 ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ — ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠶ ᠬᠤᠩ ᠢ ᠰᠤᠷᠪᠤᠯᠵᠢᠯᠠᠭᠰᠠᠨ ᠨᠢ ᠰᠤᠷᠪᠤᠯᠵᠢᠯᠠᠭᠰᠠᠨ ᠴᠠᠭ᠄ 2021-03-02 09: 20 ᠰᠤᠷᠪᠤᠯᠵᠢᠯᠠᠭᠰᠠᠨ ᠵᠣᠴᠢᠨ᠄ ᠵᠢᠢ ᠬᠤᠨᠭ᠌
      ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︿ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ﹀ ᠠᠵᠢᠯ ᠤᠨ ᠶᠡᠷᠦᠩᠬᠡᠶ ᠬᠥᠭ ᠠᠶᠠᠰ ᠨᠡᠶᠢᠳᠡᠮ ᠲᠤᠤᠱᠯᠠᠭᠳᠠᠵᠤ᠂ ᠳᠡᠭᠡᠳᠦ ᠬᠡᠮᠵᠢᠶᠡᠨ ᠤ᠂ ᠭᠦᠨᠴᠡ ᠲᠠᠢ᠂ ᠡᠷᠴᠢᠮ ᠲᠠᠢ᠂ ᠬᠠᠯᠠᠭᠤᠨ ᠳᠤᠯᠠᠭᠠᠨ ᠢᠯᠡᠳᠬᠡᠯ ᠪᠣᠯᠤᠨ᠎ᠠ᠃ ᠢᠯᠡᠳᠬᠡᠯ ᠳᠤ ︿ᠪᠠᠲᠤᠯᠠᠬᠤ᠂ ᠲᠣᠭᠲᠠᠭᠤᠨ ᠪᠠᠶᠢᠯᠭᠠᠬᠤ᠂ ᠤᠷᠤᠭᠰᠢᠯᠠᠭᠤᠯᠬᠤ﹀ ᠭᠡᠬᠦ ᠭᠤᠷᠪᠠᠨ ᠦᠭᠡ ᠪᠠᠷ ᠪᠥᠬᠦ ᠬᠤᠲᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠤᠨ ᠠᠮᠵᠢᠯᠲᠠ ᠪᠦᠲᠦᠮᠵᠢ ᠶᠢ ᠦᠨᠡᠨ ᠢ ᠪᠠᠷᠢᠮᠲᠠᠯᠠᠨ ᠳ᠋ᠦᠩᠨᠡᠵᠦ᠂ ︿ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠡᠯ᠎ᠡ ᠵᠦᠶ᠋ᠯ ᠤᠨ ᠠᠵᠢᠯ ᠦᠶ᠋ᠯᠡᠰ ᠤᠨ ᠣᠯᠤᠭᠰᠠᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠰᠢᠰᠲ᠋ᠧᠮ ᠲᠠᠢ ᠪᠥᠬᠦ ᠲᠠᠯ᠎ᠠ ᠪᠠᠷ ᠡᠷᠭᠢᠴᠡᠭᠦᠯᠦᠭᠰᠡᠨ ᠪᠥᠭᠡᠳ ᠪᠥᠬᠦ ᠬᠤᠲᠠ ᠶᠢᠨ ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠪᠤᠰᠤᠳᠴᠢ ᠪᠥᠭᠡᠳ ᠦᠨᠡᠨ ᠪᠣᠳᠠᠲᠠᠶ ᠪᠠᠷ ᠵᠢᠭᠠᠵᠤ ᠭᠠᠷᠭᠠᠭᠰᠠᠨ ᠪᠠᠶᠢᠨ᠎ᠠ︾ ᠭᠡᠵᠡᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠢᠶ ᠬᠤᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠣᠳᠣᠬᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠵᠠᠷᠴᠢᠮᠲᠤ ᠴᠢᠨᠠᠷ᠂ ᠴᠢᠭᠯᠡᠯᠳᠤ ᠴᠢᠨᠠᠷ ᠤᠨ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ ᠢᠯᠠᠩᠭᠤᠶ᠎ᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠲᠠᠪᠤᠨ ᠶᠡᠭᠡ ᠠᠵᠤ ᠠᠬᠤᠢ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠵᠡᠷᠭᠡ 8 ᠲᠠᠯ᠎ᠠ ᠠᠴᠠ ᠡᠨᠡ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠨᠠᠷᠢᠨ ᠨᠢᠭᠲᠠ ᠪᠠᠶᠢᠷᠢᠯᠠᠭᠤᠯᠵᠤ᠂ ᠵᠠᠩᠭᠢᠯᠠᠭ᠎ᠠ ᠶᠢ ᠠᠳᠬᠤᠵᠤ᠂ ᠠᠮᠢᠨ ᠭᠠᠵᠠᠷ ᠢ ᠨᠢ ᠣᠨᠣᠭᠠᠵᠤ᠂ ᠳᠠᠷᠤᠯᠲᠠ ᠲᠠᠢ ᠮᠥᠷᠲᠡᠭᠡᠨ ᠬᠥᠳᠡᠯᠭᠡᠬᠦ ᠬᠦᠴᠦᠨ ᠲᠠᠢ ᠪᠠᠶᠢᠵᠤ᠂ ᠢᠲᠡᠭᠡᠯ ᠵᠣᠷᠢᠭ ᠢᠶᠠᠨ ᠢᠯᠡᠷᠡᠭᠦᠯᠦᠭᠰᠡᠨ ᠮᠥᠷᠲᠡᠭᠡᠨ ᠡᠷᠴᠢ ᠵᠣᠷᠢᠭ ᠢᠶᠠᠨ ᠬᠥᠪᠴᠢᠯᠡᠵᠦ᠂ ᠬᠥᠮᠦᠰ ᠤᠨ ᠰᠡᠳᠬᠢᠯ ᠢ ᠬᠥᠪᠴᠢᠯᠡᠵᠦ᠂ ᠬᠥᠮᠦᠰ ᠤᠨ ᠤᠷᠮ᠎ᠠ ᠵᠣᠷᠢᠭ ᠢ ᠬᠥᠭᠵᠢᠭᠡᠪᠡ᠃    ᠵᠢᠶ ᠬᠤᠩ ᠢᠯᠡᠷᠬᠡᠶᠢᠯᠡᠬᠦ ᠳᠡᠭᠡᠨ᠂ ᠵᠢᠨᠢᠩ ᠲᠣᠭᠤᠷᠢᠭ ᠤᠨ ᠬᠢᠨ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠢᠯᠡᠳᠬᠡᠯ ᠳᠤ ᠳᠤᠷᠠᠳᠤᠭᠰᠠᠨ ᠰᠢᠨ᠎ᠡ ᠬᠠᠷᠠᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠢᠯᠡᠳᠬᠡᠯ ᠤᠨ ᠵᠣᠷᠢᠭ ᠰᠠᠨᠠᠭ᠎ᠠ ᠶᠢ ᠦᠨᠡᠨᠬᠦ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠢᠯᠠᠩᠭᠤᠶ᠎ᠠ ᠢᠯᠡᠳᠬᠡᠯ ᠳᠤ ᠳᠤᠷᠠᠳᠤᠭᠰᠠᠨ ︽ᠵᠠᠯᠠᠭᠤ᠂ ᠴᠠᠭ ᠤᠨ ᠥᠩᠭᠡ ᠶᠢ ᠳᠠᠭᠠᠭᠰᠠᠨ᠂ ᠰᠢᠨ᠎ᠡ ᠶᠢ ᠡᠭᠦᠳᠦᠭᠰᠡᠨ᠂ ᠨᠡᠭᠡᠭᠡᠯᠲᠡᠲᠡᠶ ᠬᠤᠲᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠪᠤᠶ ᠪᠣᠯᠭᠠᠬᠤ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ ᠭᠤᠣᠯ ᠬᠤᠲᠠ ᠶᠢᠨ ᠲᠣᠭᠤᠷᠢᠭ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠤᠲᠠ ᠶᠢᠨ ᠦᠶ᠋ᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠬᠤ ᠳᠤ ᠭᠤᠤᠯᠳᠠᠯᠭ᠎ᠠ ᠪᠠᠨ ᠲᠥᠪᠯᠡᠷᠡᠭᠦᠯᠵᠦ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠ ᠡᠮᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠤᠶᠠᠷ ᠶᠠᠪᠤᠳᠠᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠲᠥᠪ ᠬᠤᠲᠠ ᠶᠢᠨ ᠲᠣᠭᠤᠷᠢᠭ ᠤᠨ ᠲᠥᠪᠯᠡᠷᠡᠭᠦᠯᠵᠦ ᠲᠠᠷᠬᠠᠭᠠᠬᠤ ᠴᠢᠳᠠᠮᠵᠢ ᠶᠢ ᠭᠦᠶ᠋ᠴᠡᠳ ᠪᠠᠳᠠᠷᠠᠭᠤᠯᠵᠤ᠂ ᠡᠷᠬᠢᠨ ᠲᠣᠭᠤᠷᠢᠨ ᠤ ᠵᠢᠭᠤᠯᠴᠢᠯᠠᠯ ᠤᠨ ᠡᠬᠢ ᠪᠠᠶᠠᠯᠢᠭ ᠢ ᠠᠰᠢᠭᠯᠠᠨ᠂ ᠪᠡᠭᠡᠵᠢᠩ ᠲᠢᠶᠠᠨᠵᠢᠨ ᠡᠾᠧᠪᠸᠢ ᠳᠤ ᠬᠠᠨᠳᠤᠭᠤᠯᠤᠭᠰᠠᠨ ᠤᠨᠴᠠᠯᠢᠭᠳᠤ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠭᠠᠵᠠᠷ ᠪᠠ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ︾ ᠢ ᠨᠢᠭᠡ ᠴᠤᠭᠴᠠᠵᠢᠭᠤᠯᠤᠭᠰᠠᠨ ᠣᠷᠣᠨ ᠪᠦᠰᠡ ᠶᠢᠨ ᠴᠢᠨᠠᠷᠲᠠᠶ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠦᠯᠵᠦ ᠲᠠᠷᠬᠠᠭᠠᠬᠤ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃       ᠵᠢᠢ ᠬᠤᠩ ᠬᠡᠯᠡᠭᠰᠡᠨ ᠨᠢ᠂ ᠪᠣᠬᠢᠷᠲᠤᠯ ᠦᠭᠡᠢ ᠠᠵᠤ ᠠᠬᠤᠢ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠰᠠᠶᠢᠲᠤᠷ ᠬᠢᠬᠦ ᠶᠢᠨ ᠬᠠᠮᠲᠤ᠂ ᠵᠢᠨᠢᠩ ᠲᠣᠭᠤᠷᠢᠭ ᠤᠨ ᠤᠳᠤ ᠶᠢᠨ ᠪᠠᠶᠢᠭ᠎ᠠ ᠲᠤᠮᠤ ᠳ᠋ᠠᠶᠢᠲ᠋ᠠ᠂ ᠰᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠢᠳᠡᠭᠡᠨ ᠢ ᠡᠳ᠋ᠰᠢᠭᠦᠯᠬᠦ ᠵᠡᠷᠭᠡ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠢᠨᠢᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠳᠤ ᠨᠡᠶᠢᠴᠡᠬᠦ‍ ᠨᠢᠭᠡ ᠪᠦᠯᠦᠭ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠵᠦ᠂ ᠬᠡᠯᠬᠢᠶ᠎ᠡ ᠶᠢ ᠴᠢᠩᠭᠠᠳᠬᠠᠬᠤ ᠲᠦᠷᠦᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠪᠣᠬᠢᠷᠲᠤᠯ ᠦᠭᠡᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ ᠭᠡᠵᠦ ᠢᠯᠡᠳᠬᠡᠪᠡ᠃ ᠤᠳᠤ ᠦᠶ᠎ᠡ ᠶᠢᠨ ᠬᠥᠳᠡᠭᠡ ᠠᠵᠤ ᠠᠬᠤᠢ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠨᠢᠩ ᠲᠣᠭᠤᠷᠢᠭ ᠤᠨ ᠬᠥᠳᠡᠭᠡ ᠲᠣᠰᠬᠤᠨ ᠤ ᠬᠤᠳᠠ ᠲᠠᠢ ᠬᠥᠷᠰᠢᠯᠡᠬᠦ᠂ ᠬᠤᠳᠠ ᠳᠤ ᠦᠢᠯᠡᠴᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠬᠥᠳᠡᠭᠡ ᠠᠵᠤ ᠠᠬᠤᠢ᠂ ᠵᠤᠭᠠᠴᠠᠯ ᠤᠨ ᠬᠥᠳᠡᠭᠡ ᠠᠵᠤ ᠠᠬᠤᠢ᠂ ᠲᠡᠭᠦᠬᠦ ᠬᠥᠳᠡᠭᠡ ᠠᠵᠤ ᠠᠬᠤᠢ᠂ ᠵᠠᠬᠢᠶᠠᠯᠠᠭ᠎ᠠ ᠶᠢᠨ ᠬᠥᠳᠡᠭᠡ ᠠᠵᠤ ᠠᠬᠤᠢ᠂ ᠠᠷᠠᠳ ᠤᠨ ᠣᠷᠣᠨ ᠰᠠᠭᠤᠴᠠ ᠶᠢᠨ ᠬᠥᠳᠡᠭᠡ ᠠᠵᠤ ᠠᠬᠤᠢ ᠵᠡᠷᠭᠡ ᠬᠤᠳᠠ ᠶᠢᠨ ᠲᠡᠭᠦᠷᠭᠡ ᠶᠢᠨ ᠮᠠᠶ᠋ᠢᠭ ᠤᠨ ᠤᠨᠴᠠᠯᠢᠭᠳᠤ ᠬᠥᠳᠡᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦ ᠨᠡᠮᠡᠷᠢᠯᠡᠬᠦ ᠬᠡᠷᠡᠭᠲᠡᠢ᠃ ᠬᠤᠲᠠ ᠶᠢᠨ ᠰᠢᠨᠡᠴᠢᠯᠡᠯᠲᠡ ᠶᠢ ᠴᠢᠩᠭᠠᠳᠬᠠᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠭᠰᠡᠨ ᠰᠠᠭᠤᠷᠢᠨ ᠳᠡᠭᠡᠷ᠎ᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠪᠠ ᠬᠤᠳᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠷᠠᠳ ᠤᠯᠠᠨ ᠤ ᠬᠠᠨᠤᠮᠵᠢᠲᠠᠢ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠪᠠᠷ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠨᠠᠭᠰᠢᠳᠠ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠪᠠᠲᠤ ᠪᠠᠬᠢ ᠤᠯᠠᠨ ᠲᠦᠮᠡᠨ ᠤ ᠰᠠᠭᠤᠷᠢ ᠶᠢ ᠲᠠᠯᠪᠢᠵᠤ ᠥᠭᠭᠦᠨ᠎ᠡ᠃ ᠵᠢᠶ ᠬᠤᠩ ᠢᠯᠡᠷᠬᠡᠶᠢᠯᠡᠬᠦ ᠳᠡᠭᠡᠨ᠂ ᠳᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠬᠢᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠵᠢᠨᠢᠩ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠤᠭᠲᠤᠨ᠎ᠠ ᠭᠡᠵᠦ ᠵᠢᠭᠠᠪᠠ᠃
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2