ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ | ᠪᠦᠬᠦᠢ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ᠂ ᠰᠢᠶᠠᠨ ᠤ ᠨᠠᠮ ᠤᠨ | ᠬᠤᠷᠢᠶ᠎ᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠨᠢᠭᠡᠴᠢ ᠳᠤ᠄ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽2018 | ᠣᠨ ᠤ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ︿ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ﹀ ᠲᠥᠷᠥᠯ | ᠵᠦᠢᠯ ᠤᠨ ᠨᠥᠬᠦᠪᠥᠷᠢ ᠬᠡᠷᠡᠭᠵᠢᠭᠦᠯᠬᠦ ᠲᠥᠰᠦᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠥᠰᠦᠯ ᠤᠨ | ᠱᠠᠭᠠᠷᠳᠠᠯᠭ᠎ᠠ ᠶᠣᠰᠣᠭᠠᠷ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ | ᠣᠷᠳᠣᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠯᠢᠶᠠᠩᠴᠧᠩ ᠰᠢᠶᠠᠨ ᠤ ᠬᠤᠷᠢᠶᠠᠨ ᠤ ᠠᠯᠪᠠᠨ ᠬᠡᠷ | 2019 ᠣᠨ ᠤ 6 ᠰᠠᠷ᠎ᠠ ᠶᠢᠨ 24 | 2018 ᠣᠨ ᠤ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ | ᠲᠥᠷᠥᠯ ᠵᠦᠢᠯ ᠤᠨ ᠨᠥᠬᠦᠪᠥᠷᠢ ᠬᠡᠷᠡᠭᠵᠢᠭᠦᠯᠬᠦ ᠲᠥᠰᠦᠯ | ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠲᠠᠭ᠎ᠠ ᠶᠢᠨ ᠨᠠᠭᠤᠷ ᠤᠨ ᠤᠰᠤᠨ ᠤ | ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠬᠠᠮᠢᠶ᠎ᠠ ᠪᠦᠬᠦᠢ ᠵᠣᠷᠢᠭ ᠰᠠᠨᠠᠭ᠎ᠠ ᠶᠢ ᠤᠯᠠᠮ ᠨᠢᠭᠡ | ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ︽ᠬᠥᠳᠡᠭᠡ ᠲᠣᠰᠬᠤᠨ ᠤ ᠭᠠᠵᠠᠷ | ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠡᠷᠭᠢᠯᠳᠦᠭᠦᠯᠦᠨ ᠲᠠᠷᠢᠶᠠᠯᠠᠩ ᠤᠨ ᠵᠣᠬᠢᠬᠤ | ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠶᠢ ᠬᠥᠲᠥᠯᠦᠨ ᠵᠢᠯᠣᠭᠤᠳᠬᠤ ᠲᠤᠬᠠᠶ ᠰᠠᠨᠠᠯ︾ ᠪᠠ ᠤᠯᠠᠭᠠᠨᠴᠠᠪ | ᠬᠤᠲᠠ ᠶᠢᠨ ︽ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠪᠠ ᠠᠵᠤ ᠦᠢᠯᠡᠰ ᠤᠨ ᠰᠢᠯᠵᠢᠯᠲᠡ ᠶᠢ ᠳᠠᠭᠠᠭᠠᠨ | ᠠᠪᠬᠤ ᠠᠵᠢᠯ ᠢ ᠰᠠᠶᠢᠲᠤᠷ ᠬᠢᠬᠦ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠯ ᠤᠳ︾ ︹ 2016 ︺ 1 | ᠳ᠋ᠦᠭᠡᠷ ᠲᠣᠭᠠᠲᠤ︶ ᠲᠠᠢ ᠤᠶᠠᠯᠳᠤᠭᠤᠯᠤᠨ᠂ ᠲᠠᠭ᠎ᠠ ᠶᠢᠨ ᠨᠠᠭᠤᠷ ᠢ ᠬᠠᠮᠠᠭᠠᠯᠠᠬᠤ ᠪᠠ ᠪᠡᠯᠡᠳᠭᠡᠮᠵᠢᠳᠤ ᠲᠠᠷᠢᠶᠠᠯᠠᠩ᠂ | ᠣᠷᠣᠨ ᠨᠤᠲᠤᠭ ᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠶᠢ ᠪᠦᠲᠦᠮᠵᠢᠲᠡᠶ ᠤᠶᠠᠯᠳᠤᠭᠤᠯᠵᠤ᠂ | ᠰᠢᠶᠠᠨ ᠤ ᠬᠡᠪᠴᠢᠶᠡᠨ ᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠮᠠᠨ ᠤ | ᠰᠢᠶᠠᠨ ᠤ ᠪᠣᠳᠠᠲᠤ ᠪᠠᠶᠢᠳᠠᠯ ᠢ ᠦᠨᠳᠦᠰᠦᠯᠡᠨ᠂ ︽2018 ᠣᠨ ᠤ ᠲᠠᠭ᠎ᠠ ᠶᠢᠨ ᠨᠠᠭᠤᠷ ᠤᠨ ᠰᠠᠪᠠ ᠭᠠᠵᠠᠷ ᠤᠨ | ︿ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ﹀ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠳᠠᠬᠢ ᠮᠠᠰᠢᠨ | ᠴᠠᠬᠢᠯᠭᠠᠨ ᠤ ᠬᠤᠳᠳᠤᠭ ᠢ ᠪᠢᠲᠡᠭᠦᠮᠵᠢᠯᠡᠨ ᠵᠣᠭᠰᠣᠭᠠᠬᠤ ᠨᠥᠬᠦᠪᠥᠷᠢ ᠶᠢᠨ ᠬᠡᠷᠡᠭᠵᠢᠭᠦᠯᠬᠦ ᠠᠷᠭ᠎ᠠ ᠶᠢ ᠳᠣᠤᠷᠠᠬᠢ | ᠮᠡᠲᠦ ᠨᠥᠬᠦᠪᠥᠷᠢᠯᠡᠶ᠎ᠡ᠄ | ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠲᠥᠷᠥᠯ ᠵᠦᠢᠯ ᠤᠨ ᠣᠷᠣᠨᠲ᠋ᠣᠲᠣᠷᠠ ᠵᠢᠭᠰᠠᠭᠠᠨ | ᠣᠷᠣᠭᠤᠯᠤᠭᠰᠠᠨ ᠤᠳᠤ ᠪᠠᠶᠢᠭ᠎ᠠ ᠮᠠᠰᠢᠨ ᠴᠠᠬᠢᠯᠭᠠᠨ ᠬᠤᠳᠳᠤᠭ ᠢ ᠬᠠᠭᠠᠵᠤ ᠪᠢᠲᠡᠭᠦᠮᠵᠢᠯᠡᠨ ᠵᠣᠭᠰᠣᠭᠠᠬᠤ ᠶᠢᠨ | ᠵᠡᠷᠭᠡᠴᠡᠪᠡᠷ ᠮᠠᠰᠢᠨ ᠴᠠᠬᠢᠯᠭᠠᠨ ᠬᠤᠳᠳᠤᠭ ᠢ ᠰᠢᠨ᠎ᠡ ᠪᠠᠷ ᠮᠠᠯᠲᠠᠵᠤ ᠭᠠᠵᠠᠷ ᠳᠣᠣᠷᠠᠬᠢ ᠤᠰᠤ ᠶᠢ ᠨᠡᠭᠡᠭᠡᠨ | ᠮᠠᠯᠲᠠᠵᠤ ᠪᠣᠯᠬᠤ ᠥᠭᠡᠢ᠂ ᠪᠣᠢ ᠪᠥᠬᠦᠢ ᠤᠰᠤᠨ ᠴᠥᠭᠦᠷᠥᠮ ᠲᠤ ᠤᠰᠤ ᠬᠠᠳᠠᠭᠠᠯᠠᠨ ᠤᠰᠤᠯᠠᠵᠤ ᠪᠣᠯᠬᠤ ᠥᠭᠡᠢ᠃ | ᠥᠩᠭᠡᠷᠡᠭᠰᠡᠨ ᠤ ᠥᠪᠡᠷ ᠢᠶᠠᠨ ᠮᠠᠯᠲᠠᠭᠰᠠᠨ ᠬᠤᠳᠳᠤᠭ ᠲᠤ ᠵᠢᠯ ᠪᠦᠷᠢ 3000 ᠲᠥᠭᠦᠷᠢᠭ ᠢᠶᠠᠷ ᠪᠤᠳᠤᠵᠤ᠂ | ᠲᠥᠷᠥᠯ ᠵᠦᠢᠯ ᠤᠨ ᠬᠤᠳᠳᠤᠭ ᠲᠤ ᠵᠢᠯ ᠪᠦᠷᠢ 2000 ᠲᠥᠭᠦᠷᠢᠭ ᠢᠶᠠᠷ ᠨᠥᠬᠦᠪᠥᠷᠢ ᠥᠭᠭᠦᠨ᠎ᠡ᠃ ᠲᠠᠷᠢᠶᠠᠴᠢᠨ | ᠡᠷᠦᠬᠡ ᠶᠢᠨ ᠢᠵᠢ ᠪᠦᠷᠢᠳᠦᠭᠦᠯᠬᠦ ᠵᠦᠢᠯᠡᠰ ᠤᠨ ᠬᠤᠳᠳᠤᠭ ᠤᠨ ᠡᠷᠬᠡ ᠶᠢᠨ ᠬᠠᠷᠢᠶᠠᠯᠠᠯ ᠢ ᠬᠤᠯᠪᠣᠭᠳᠠᠬᠤ ᠰᠢᠶᠠᠩ | ᠪᠠᠯᠭᠠᠰᠤ ᠠᠴᠠ ᠪᠣᠳᠠᠲᠠᠶ ᠪᠠᠷ ᠮᠠᠭᠠᠳᠯᠠᠨ ᠲᠣᠭᠲᠠᠭᠠᠨ᠎ᠠ᠃ | ᠭᠡᠪᠡᠴᠦ ︽ᠤᠰᠤ ᠶᠢ ᠭᠠᠩ ᠬᠠᠭᠤᠷᠠᠶ ᠪᠣᠯᠭᠠᠨ ᠥᠭᠡᠷᠡᠴᠢᠯᠡᠬᠦ︾ ᠲᠥᠷᠥᠯ ᠵᠦᠢᠯ ᠤᠨ ᠣᠷᠣᠨ | ᠬᠡᠪᠴᠢᠶᠡᠨ ᠳᠤ ᠣᠷᠣᠰᠢᠵᠤ ᠪᠠᠶᠢᠭ᠎ᠠ ᠪᠡᠯᠡᠳᠭᠡᠮᠵᠢᠳᠤ ᠲᠠᠷᠢᠶᠠᠯᠠᠩ ᠤᠨ ᠬᠦᠯᠡᠮᠵᠢ᠂ ᠤᠨᠴᠠᠯᠢᠬᠳᠤ ᠲᠠᠷᠢᠶᠠᠯᠠᠩ | ᠤᠨ ᠲᠠᠷᠢᠮᠠᠯ ᠤᠨᠲ᠋ᠤᠮᠤ ᠡᠷᠥᠭᠡ ᠵᠢᠴᠢ ᠵᠤᠯᠵᠠᠭ᠎ᠠ ᠮᠣᠳᠣᠨ ᠤ ᠬᠦᠷᠢᠶᠡᠯᠡᠩ ᠨᠢ ᠤᠰᠤ ᠶᠢ ᠠᠷᠪᠢᠯᠠᠨ ᠬᠡᠷᠡᠭᠯᠡᠬᠦ᠂ | ᠲᠠᠭ᠎ᠠ ᠶᠢᠨ ᠨᠠᠭᠤᠷ ᠢ ᠬᠠᠮᠠᠭᠠᠯᠠᠬᠤ ᠵᠣᠷᠢᠯᠭ᠎ᠠ ᠲᠤ ᠬᠥᠷᠬᠦ ᠶᠢᠨ ᠲᠤᠰᠠᠳᠠ᠂ ᠰᠢᠶᠠᠨ ᠤ ᠤᠰᠤᠨ ᠠᠰᠢᠭᠯᠠᠯᠲᠠ ᠶᠢᠨ | ᠲᠣᠪᠴᠢᠶ᠎ᠠ ᠪᠠᠷ ᠲᠦᠷᠦᠭᠦᠯᠡᠭᠦᠯᠦᠨ᠂ ᠬᠤᠯᠪᠣᠭᠳᠠᠬᠤ ᠰᠢᠶᠠᠩ ᠪᠠᠯᠭᠠᠰᠤ ᠬᠠᠮᠵᠢᠯᠴᠠᠨ᠂ ᠳᠡᠭᠡᠷ᠎ᠡ ᠳᠤᠷᠠᠳᠤᠭᠰᠠᠨ | ᠬᠡᠪᠴᠢᠶᠡᠨ ᠳᠣᠲᠣᠷᠠᠬᠢ ᠮᠠᠰᠢᠨ ᠴᠠᠬᠢᠯᠭᠠᠨ ᠬᠤᠳᠳᠤᠭ ᠲᠤ ᠤᠰᠤ ᠠᠷᠪᠢᠯᠠᠬᠤ ᠬᠡᠮᠵᠢᠯᠲᠡ ᠶᠢᠨ ᠪᠡᠯᠡᠳᠬᠡᠮᠵᠢ | ᠤᠭᠰᠠᠷᠠᠵᠤ᠂ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢ ᠬᠢᠨᠠᠨ ᠲᠣᠭᠲᠠᠭᠠᠵᠤ᠂ ᠥᠨᠳᠥᠷ ᠦᠷ᠎ᠡ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠶᠢ ᠬᠡᠷᠡᠭᠵᠢᠭᠦᠯᠦᠨ᠎ᠡ᠃ |